ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠮᠠᠨ᠎ᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠲᠠᠨ᠎ᠤ ᠪᠣᠯᠪᠠᠰᠤᠷᠠᠯ ᠤᠯᠠᠭ᠋ᠠᠨᠴᠠᠪ ᠬᠣᠲᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2025-05-12

   ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ ᠵᠢᠨ ᠲᠥᠯᠥᠭᠡ ᠮᠠᠨ᠎ᠤ ᠤᠷᠤᠨ ᠤᠷᠴᠢᠮ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠋ᠠᠲᠠᠨ᠎ᠤ ᠪᠣᠯᠪᠠᠰᠤᠷᠠᠯ ᠎ᠢ ᠤᠯᠠᠭ᠋ᠠᠨᠴᠠᠪ ᠬᠣᠲᠠ᠎ᠳᠤ ᠡᠷᠭᠢᠯᠡᠵᠦ᠂ ᠪᠥᠬᠥ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ 100 ᠭᠠᠷᠤᠢ ᠬᠠᠷᠢᠭᠤᠴᠠᠯᠭ᠋ᠠᠲᠠᠨ ᠪᠣᠯᠪᠠᠰᠤᠷᠠᠯ᠎ᠳᠤ ᠤᠷᠤᠯᠴᠠᠬᠰᠠᠨ ᠪᠠᠢ᠌ᠨ᠎ᠠ᠃

微信图片_20250512093423.jpg


    ᠲᠤᠰ ᠪᠣᠯᠪᠠᠰᠤᠷᠠᠯ᠎ᠳᠤ ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠋ᠠᠨ᠎ᠤ ᠭᠣᠣᠯ ᠰᠢᠵᠢᠮ᠎ᠢ ᠰᠤᠷᠤᠯᠴᠠᠨ ᠲᠤᠭᠤᠰᠢᠯᠠᠭᠤᠯᠬᠤ ᠪᠦᠬᠦ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠪᠣᠳᠠᠲᠤ ᠪᠠᠢ᠌ᠳᠠᠯ ᠎ᠲᠠᠢ ᠤᠶᠠᠯᠳᠤᠭᠤᠯᠤᠨ 《ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ  ᠲᠤᠭᠤᠰᠢᠯᠠᠭᠤᠯᠬᠤ ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ》᠂ 《ᠪᠦᠯᠬᠦᠮᠳᠡᠯ᠎ᠤᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠬᠤ ·ᠦᠵᠡᠯ ᠰᠠᠨᠠᠭ᠋ᠠᠨ᠎ᠤ ᠰᠡᠷᠭᠡᠢ᠌ᠯᠡᠯᠲᠡ ᠵᠢᠨ ᠱᠤᠭᠤᠮ᠎ᠢ ᠪᠡᠬᠢᠵᠢᠭᠦᠯᠬᠦ · ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠨ᠎ᠡ ᠴᠠᠭ ᠦᠶ᠎ᠡ᠎ᠳᠤ᠎ᠬᠢ ᠡᠭᠦᠷᠭᠡ ᠬᠠᠷᠢᠭᠤᠴᠠᠯᠭ᠎ᠠ》᠂ 《ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠪᠠᠢ᠌ᠭᠤᠯᠤᠯᠲᠠ ᠵᠢᠨ ᠪᠣᠳᠠᠲᠤ ᠶᠠᠪᠤᠳᠠᠯ》᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠨ ᠬᠠᠮᠢᠶᠠᠷᠬᠤ ᠪᠣᠳᠠᠲᠤ ᠶᠠᠪᠤᠳᠠᠯ》᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠤᠬᠠᠭᠤᠯᠭ᠎ᠠ ᠵᠢᠨ ᠪᠣᠳᠠᠲᠤ ᠶᠠᠪᠤᠳᠠᠯ》 ᠵᠡᠷᠭᠡ ᠬᠢᠴᠢᠶᠡᠯ᠎ᠢ ᠨᠡᠬᠡᠬᠡᠬᠡᠳ ᠪᠣᠯᠪᠠᠰᠤᠷᠠᠯ᠎ᠳᠤ  ᠤᠷᠤᠯᠴᠠᠬᠰᠠᠳ᠎ᠤᠨ ᠰᠤᠷᠤᠯᠴᠠᠯᠭ᠎ᠠ ᠵᠢᠨ ᠳᠤᠮᠳᠠ ᠵᠣᠭᠰᠣᠴᠠ᠎ᠪᠠᠨ ᠳᠡᠭᠡᠭᠰᠢᠯᠡᠭᠦᠯᠵᠦ᠂ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠪᠠᠳᠤ ᠰᠠᠭᠤᠷᠢ ᠲᠠᠯᠪᠢᠯ᠎ᠠ᠃
   ᠪᠣᠯᠪᠠᠰᠤᠷᠠᠯ ᠲᠡᠬᠡᠷ᠎ᠡ ᠪᠠᠰᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠠᠮ᠎ᠤᠨ ᠵᠣᠬᠢᠶᠠᠨ ᠪᠠᠢ᠌ᠭᠤᠯᠤᠯᠲᠠ ᠵᠢᠨ 《ᠬᠣᠶᠠᠷ᠎ᠢ ᠬᠠᠮᠤᠷᠬᠤ》 ᠠᠵᠢᠯ᠎ᠤᠨ ᠲᠥᠪᠯᠡᠷᠡᠩᠭᠦᠢ ᠰᠢᠪᠲᠤᠯᠤᠯᠲᠠ ᠵᠢᠨ ᠠᠵᠢᠯᠯᠠᠭ᠎ᠠ ᠵᠢ ᠠᠬᠢᠭᠤᠯᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠥᠬᠥ ᠬᠠᠷᠢᠭᠤᠴᠠᠯᠭ᠋ᠠᠲᠠᠨ᠎ᠢ ᠵᠣᠬᠢᠶᠠᠨ ᠪᠠᠢ᠌ᠭᠤᠯᠵᠤ ᠳᠤᠭᠤᠢ᠌ᠯᠠᠩ ᠬᠤᠪᠢᠶᠠᠨ ᠰᠤᠳᠤᠯᠤᠨ ᠶᠠᠷᠢᠯᠴᠠᠵᠤ ᠰᠣᠯᠢᠯᠴᠠᠨ᠂ 《ᠬᠣᠶᠠᠷ᠎ᠢ ᠬᠠᠮᠤᠷᠬᠤ》 ᠠᠵᠢᠯ᠎ᠤᠨ ᠲᠥᠪᠯᠡᠷᠡᠩᠭᠦᠢ ᠰᠢᠪᠲᠤᠯᠤᠯᠲᠠ ᠵᠢᠨ ᠠᠵᠢᠯᠯᠠᠭ᠎ᠠ᠎ᠳᠤ ᠪᠠᠢ᠌ᠷᠢᠯᠠᠭᠤᠯᠤᠯᠲᠠ ᠬᠢᠪᠡ᠃ ᠪᠣᠯᠪᠠᠰᠤᠷᠠᠯ᠎ᠳᠤ ᠣᠷᠣᠯᠴᠠᠭᠰᠠᠳ᠂ ᠲᠣᠰ  ᠪᠣᠯᠪᠠᠰᠤᠷᠠᠯ᠎ᠤᠨ ᠠᠭᠤᠯᠭ᠎ᠠ᠎ᠨᠢ ᠪᠠᠶᠠᠯᠢᠭ᠂ ᠬᠡᠷᠡᠭᠵᠢᠭᠦᠯᠵᠦ ᠪᠣᠯᠬᠤᠢ᠌ᠴᠠ ᠴᠢᠨᠠᠷ ᠵᠶ᠋ᠠᠷ ᠴᠢᠩᠭ᠎ᠠ᠂ 《ᠬᠣᠶᠠᠷ᠎ᠢ ᠬᠠᠮᠤᠷᠬᠤ》 ᠠᠵᠢᠯ᠎ᠤᠨ ᠪᠤᠭᠤᠮᠳᠠ ᠰᠢᠪᠳᠤᠯᠤᠯᠳᠠ ᠵᠢ ᠲᠥᠪᠯᠡᠷᠡᠭᠦᠯᠦᠨ ᠰᠢᠢ᠍ᠳᠪᠦᠷᠢᠯᠡᠬᠦ ᠠᠵᠢᠯᠯᠠᠭ᠎ᠠ᠎ᠳᠤ ᠵᠢᠯᠣᠭᠣᠳᠤᠯᠭ᠎ᠠ ᠬᠠᠩᠭ᠋ᠠᠭᠰᠠᠨ ᠪᠠᠢ᠌ᠨ᠎ᠠ᠃ ᠲᠠᠷᠠᠭ᠋ᠠᠴᠢ ᠎ᠪᠠᠷ ᠲᠣᠰ  ᠪᠣᠯᠪᠠᠰᠤᠷᠠᠯ ᠵᠶ᠋ᠠᠷ ᠲᠣᠬᠢᠶᠠᠯ ᠪᠣᠯᠭ᠋ᠠᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ 《ᠬᠣᠶᠠᠷ᠎ᠢ ᠬᠠᠮᠤᠷᠬᠤ》 ᠲᠥᠪᠯᠡᠷᠡᠩᠭᠦᠢ ᠪᠤᠭᠤᠮᠳᠠ ᠰᠢᠪᠳᠤᠯᠤᠯᠳᠠ ᠵᠢ ᠰᠢᠢ᠍ᠳᠪᠦᠷᠢᠯᠡᠬᠦ ᠠᠵᠢᠯᠯᠠᠭ᠎ᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠵᠤ᠂ ᠴᠢᠨᠠᠷᠵᠢᠭᠤᠨ ᠨᠠᠮ᠎ᠤᠨ ᠪᠠᠢ᠌ᠭᠤᠯᠤᠯᠲᠠ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠳᠡᠢ》 ᠬᠡᠵᠡᠢ᠃


 





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.12
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠠᠰᠠᠭ᠎ᠤᠨ ᠣᠷᠳᠣᠨ ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠳᠡᠮᠵᠢᠵᠦ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠦᠷᠨᠢᠭᠦᠯᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.15
 
            