ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.12
ᠨᠡᠶᠢᠲᠡᠯᠡᠭᠰᠡᠨ ᠴᠠᠭ᠄ 2025-05-12

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠲᠠᠢ ᠬᠣᠯᠪᠤᠭ᠋ᠠᠯᠠᠨ ᠪᠥᠬᠥ ᠬᠣᠲᠠ ᠵᠢᠨ 60 ᠨᠠᠰᠤᠨ᠎ᠠᠴᠠ ᠳᠡᠭᠡᠭᠰᠢᠬᠢ ᠨᠠᠰᠤᠲᠠᠢ᠌ᠴᠤᠳ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠤᠨ ᠠᠵᠢᠯᠴᠢᠨ᠂ ᠬᠦᠴᠢᠷᠳᠡᠯᠲᠡᠢ ᠣᠯᠠᠨ ᠲᠦᠮᠡᠨ᠎ᠳᠤ ᠬᠠᠨᠳᠤᠭᠤᠯᠤᠨ᠂ ᠦᠰᠤ ᠬᠡᠵᠢᠬᠡ ᠵᠢ᠎ᠨᠢ ᠵᠠᠰᠠᠵᠤ ᠦᠭᠭᠦ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠵᠦ᠂ ᠰᠡᠳᠬᠢᠴᠡ ᠵᠢᠨ ᠵᠢᠯᠣᠭᠣᠳᠤᠯᠭ᠎ᠠ᠂ ᠴᠢᠰᠤᠨ ᠳᠠᠷᠤᠯᠲᠠ ᠵᠢᠨ ᠬᠡᠮᠵᠢᠯᠲᠡ᠂ ᠡᠷᠡᠭᠦᠯ ᠮᠡᠨᠳᠦ ᠵᠢᠨ ᠵᠢᠯᠣᠭᠣᠳᠤᠯᠭ᠎ᠠ ᠪᠠ ᠮᠡᠬᠡᠯᠡᠯ᠎ᠢ ᠰᠡᠷᠭᠡᠢ᠌ᠯᠡᠬᠦ ᠤᠬᠠᠭᠤᠯᠭ᠎ᠠ᠎ᠳᠤ ᠵᠡᠷᠭᠡ᠎ᠪᠠᠷ ᠠᠭᠤᠰᠤᠯᠴᠠᠭᠰᠠᠨ ᠪᠠᠢ᠌ᠨ᠎ᠠ᠃ ᠣᠳᠣᠬᠠᠨ᠎ᠳᠤ ᠬᠦᠯᠤᠨ ᠪᠤᠢ᠌ᠷ ᠬᠣᠲᠠ᠎ᠳᠤ ᠨᠢᠭᠡᠨᠲᠡ 22 ᠦᠢ᠍ᠯᠡᠴᠢᠯᠡᠭᠡᠨ᠎ᠤ ᠥᠷᠲᠡᠭᠡ ᠴᠡᠭ ᠭᠠᠷᠭ᠋ᠠᠵᠤ ᠲᠡᠯᠬᠡᠬᠦᠷ ᠬᠤᠳᠠᠯᠳᠤᠭ᠎ᠠ᠂ ᠨᠡᠢ᠌ᠭᠡᠮ ᠲᠣᠭᠣᠷᠢᠭ᠂ ᠨᠠᠰᠤᠵᠢᠯ᠎ᠤᠨ ᠠᠰᠠᠷᠠᠮᠵᠢ ᠵᠢᠨ ᠲᠥᠪ᠂ ᠵᠠᠬ᠎ᠠ ᠳᠡᠯᠭᠡᠭᠦᠷ ᠪᠠ ᠪᠣᠶ᠋ᠢᠳᠠ ᠪᠥᠭᠯᠡᠭᠦᠦ ᠮᠠᠯᠵᠢᠬᠤ ᠣᠷᠣᠨ ᠵᠡᠷᠭᠡ ᠲᠠᠯᠠᠪᠤᠷ᠎ᠢ ᠬᠠᠮᠤᠷᠴᠤ᠂ ᠨᠡᠶ᠋ᠢᠲᠡ 3700 ᠭᠠᠷᠤᠢ ᠬᠥᠮᠥᠨ ᠤᠳᠠᠭ᠎ᠠ ᠦᠢ᠍ᠯᠡᠴᠢᠯᠡᠪᠡ᠃ ᠠᠵᠢᠯᠯᠠᠭ᠎ᠠ᠎ᠨᠢ ᠣᠯᠠᠨ ᠡᠰᠢᠲᠦ ᠦᠢ᠍ᠯᠡᠴᠢᠯᠡᠭᠡ᠎ᠪᠠᠷ ᠠᠷᠠᠳ᠎ᠤᠨ ᠠᠮᠢᠳᠤᠷᠠᠯ᠎ᠤᠨ ᠵᠠᠢ ᠵᠢ ᠣᠢ᠌ᠷᠠᠲᠤᠭᠤᠯᠵᠤ᠂ 《ᠠᠷᠠᠳ᠎ᠤᠨ ᠶᠠᠪᠤᠳᠠᠯ ᠠᠷᠠᠳ᠎ᠤᠨ ᠲᠥᠯᠥᠭᠡ᠂ ᠠᠷᠠᠳ᠎ᠤᠨ ᠶᠠᠪᠤᠳᠠᠯ  ᠠᠷᠠᠳ ᠵᠶ᠋ᠠᠨ ᠬᠠᠢ᠌ᠷᠠᠯᠠᠬᠤ》 ᠣᠢ᠌ᠯᠠᠭ᠋ᠠᠭᠳᠠᠬᠤᠨ᠎ᠢ ᠦᠨᠡᠨ ᠬᠦ᠌ ᠦᠢ᠍ᠯᠡᠳᠦᠯᠭᠡᠵᠢᠭᠦᠯᠪᠡ᠃


  ᠨᠡᠢ᠌ᠭᠡᠮ᠎ᠤᠨ ᠶᠠᠪᠤᠳᠠᠯ


   ᠤᠷᠤᠭ ᠲᠠᠡᠭᠰᠠᠯᠠᠬᠤ ᠵᠢᠨ 《ᠪᠥᠬᠥ ᠤᠯᠤᠰ᠎ᠲᠤ ᠲᠤᠭᠤᠰᠢᠳᠠᠢ ᠬᠦᠢ᠍ᠴᠡᠳᠬᠡᠬᠦ》 ᠠᠵᠢᠯ᠎ᠢ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠵᠢᠨ ᠲᠥᠯᠥᠭᠡ ᠠᠯᠠᠱ᠌ᠠ ᠠᠢ᠌ᠮᠠᠭ᠎ᠤᠨ᠎ᠬᠢᠨ 5 ᠬᠣᠰᠢᠭᠤ ᠲᠣᠭᠣᠷᠢᠭ᠎ᠢ ᠵᠣᠬᠢᠶᠠᠨ ᠪᠠᠢ᠌ᠭᠤᠯᠤᠨ ᠣᠷᠣᠭ᠎ᠤᠨ ᠲᠣᠭ᠎ᠠ ᠪᠠᠷᠢᠮᠲᠠ ᠵᠢ ᠴᠡᠪᠡᠷᠯᠡᠬᠦ ᠪᠠ ᠲᠡᠦᠬᠡ ᠵᠢᠨ ᠲᠠᠩᠰᠠ ᠡᠪᠬᠡᠮᠡᠯ᠎ᠢ ᠲᠣᠭ᠋ᠠᠴᠢᠯᠠᠬᠤ ᠠᠵᠢᠯ᠎ᠢ ᠥᠷᠨᠢᠭᠦᠯᠵᠦ᠂ ᠳᠣᠲᠣᠭ᠋ᠠᠳᠤ ᠵᠢ ᠬᠠᠮᠠᠭ᠋ᠠᠯᠠᠬᠤ᠂ ᠲᠠᠩᠰᠠ ᠡᠪᠬᠡᠮᠡᠯ᠂ ᠨᠡᠢ᠌ᠭᠡᠮ ᠲᠣᠭᠣᠷᠢᠭ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠬᠡᠪ᠎ᠤᠨ ᠪᠤᠰᠤ ᠲᠣᠭ᠎ᠠ ᠪᠠᠷᠢᠮᠲᠠ ᠵᠢ ᠬᠠᠷᠢᠴᠠᠭᠤᠯᠤᠨ᠂ 《ᠲᠣᠭ᠎ᠠ ᠪᠠᠷᠢᠮᠲᠠ ᠵᠢᠨ ᠪᠡᠬᠢᠯᠡᠯᠲᠡ》 ᠵᠢ ᠡᠪᠳᠡᠪᠡ᠃ ᠣᠲᠣ ᠪᠣᠯᠲᠠᠯ᠎ᠠ᠂ ᠣᠷᠣᠭ᠎ᠤᠨ ᠬᠡᠪ᠎ᠤᠨ ᠪᠤᠰᠤ ᠪᠠᠢ᠌ᠳᠠᠯ᠎ᠤᠨ ᠲᠣᠭ᠎ᠠ ᠪᠠᠷᠢᠮᠲᠠ ᠵᠢ ᠨᠡᠶ᠋ᠢᠲᠡ 2 ᠲᠦᠮᠡ ᠰᠢᠬᠠᠮ ᠴᠡᠪᠡᠷᠯᠡᠨ᠂ 4 ᠲᠦᠮᠡ ᠭᠠᠷᠤᠢ ᠣᠷᠣᠭ᠎ᠤᠨ ᠲᠠᠩᠰᠠ  ᠵᠢ ᠰᠢᠷᠪᠢᠵᠦ ᠵᠠᠯᠭ᠋ᠠᠬᠤ ᠵᠢ ᠪᠡᠶᠡᠯᠡᠭᠦᠯᠵᠦ᠂ ᠵᠢᠷᠤᠮᠵᠢᠭᠰᠠᠨ ᠣᠷᠣᠭ ᠲᠠᠡᠭᠰᠠᠯᠠᠬᠰᠠᠨ ᠲᠠᠩᠰᠠ ᠡᠪᠬᠡᠮᠡᠯ᠎ᠤᠨ ᠡᠯᠧᠺᠲ᠋ᠣᠷᠣᠨᠴᠢᠯᠠᠭᠰᠠᠨ ᠬᠠᠮᠢᠶᠠᠷᠤᠯᠲᠠ ᠵᠢᠨ  ᠰᠢᠰᠲᠸᠮ᠎ᠢ ᠪᠠᠶ᠋ᠢᠭᠤᠯᠬᠤ᠎ᠳᠤ ᠲᠣᠭ᠎ᠠ ᠪᠠᠷᠢᠮᠲᠠ ᠵᠢᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


  ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠥᠮᠥᠨ ᠠᠮᠠ ᠵᠢᠨ ᠨᠠᠰᠤᠵᠢᠯᠲᠠ ᠵᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠳᠠ ᠵᠢ ᠤᠯᠠᠨ ᠠᠷᠭ᠎ᠠ ᠪᠠᠷᠢᠯ ᠵᠶ᠋ᠡᠷ ᠴᠢᠡᠭᠭ᠋ᠠᠳᠬᠠᠬᠰᠠᠨ ᠪᠠᠢ᠌ᠨ᠎ᠠ᠃ 4 ᠳ᠋ᠤᠬᠡᠷ ᠰᠠᠷ᠎ᠠ ᠪᠣᠯᠲᠠᠯ᠎ᠠ ᠤᠯᠠᠭ᠋ᠠᠨᠬᠠᠳᠠ ᠬᠣᠲᠠ᠎ᠳᠤ ᠨᠢᠭᠡᠨᠲᠡ 1194 ᠬᠥᠮᠥᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ ᠵᠢᠨ ᠪᠣᠯᠪᠠᠰᠤᠷᠠᠯ᠎ᠢ ᠡᠷᠬᠢᠯᠡᠭᠰᠡᠨ ᠪᠦᠬᠡᠳ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠠᠭ᠋ᠠᠨᠬᠠᠳᠠ ᠵᠢᠨ ᠬᠡᠷᠡᠭᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠣᠷᠣ ᠲᠥᠯᠥᠪ᠎ᠤᠨ ᠬᠡᠯᠡᠯᠴᠡᠭᠡᠷ ᠲᠣᠭᠲᠠᠵᠤ᠂ ᠠᠷᠠᠳ᠎ᠤᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ ᠬᠢᠭᠡᠳ ᠳᠡᠭᠡᠳᠦ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠠᠪᠠᠭᠤᠯᠢᠭ᠎ᠢ ᠡᠮᠬᠢᠯᠡᠬᠡᠳ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠢᠰᠲᠸᠮ᠎ᠢ ᠲᠡᠭᠦᠯᠳᠡᠷᠵᠢᠭᠦᠯᠦᠨ᠂ ᠴᠢᠳᠠᠪᠤᠷᠢᠲᠠᠨ ᠳᠤᠲᠠᠭᠳᠠᠵᠤ ᠪᠠᠢ᠌ᠭ᠎ᠠ ᠪᠣᠭᠣᠮᠢ ᠵᠢ ᠭᠣᠣᠯᠳᠠᠯᠭ᠎ᠠ᠎ᠲᠠᠢ ᠰᠢᠢ᠍ᠳᠪᠦᠷᠢᠯᠡᠵᠦ᠂ ᠴᠢᠳᠠᠪᠤᠷᠢᠲᠠᠨ᠎ᠤ ᠬᠠᠩᠭ᠋ᠠᠯᠭ᠎ᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠨᠠᠰᠤᠵᠢᠯ᠎ᠤᠨ ᠠᠰᠠᠷᠠᠮᠵᠢ ᠵᠢᠨ ᠲᠤᠰᠬᠠᠢ ᠮᠡᠷᠭᠡᠵᠢᠯ᠎ᠤᠨ ᠮᠡᠷᠭᠡᠵᠢᠯ ᠴᠢᠳᠠᠪᠤᠷᠢ ᠬᠢᠭᠡᠳ ᠦᠢ᠍ᠢ᠍ᠯᠡᠴᠢᠯᠡᠬᠡᠨ᠎ᠤ ᠲᠦᠪᠰᠢᠨ᠎ᠢ ᠲᠡᠭᠡᠭᠰᠢᠯᠡᠬᠦᠯᠤᠯ᠎ᠡ᠃
 
ᠬᠡᠦᠬᠡᠳ᠎ᠤᠨ ᠠᠰᠠᠷᠠᠮᠵᠢ
   
      ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠬᠡᠦᠬᠡᠳ ᠵᠶ᠋ᠡᠷ ᠭᠣᠣᠯ ᠪᠣᠯᠭ᠋ᠠᠬᠤ》 ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠢ ᠵᠢᠯᠣᠭᠣᠳᠤᠨ ᠬᠥᠨᠳᠡᠯᠡᠨ ᠲᠣᠭᠣᠷᠢᠭ᠎ᠤᠨ 《ᠰᠢᠨ ᡁᠢ ᠽᠤᠤ》 ᠨᠡᠢ᠌ᠭᠡᠮ᠎ᠤᠨ ᠠᠵᠢᠯᠲᠠᠨ᠎ᠤ ᠨᠡᠢ᠌ᠭᠡᠮᠯᠢᠭ᠎ᠤᠨ᠎ᠬᠢᠨ᠎ᠲᠠᠢ ᠬᠣᠯᠪᠣᠭ᠋ᠠᠯᠠᠵᠤ᠂ ᠠᠰᠠᠷᠠᠮᠵᠢ ᠵᠢᠨ ᠬᠦᠷᠢᠶᠡᠯᠡᠩ᠎ᠤᠨ ᠬᠡᠦᠬᠡᠳ᠎ᠲᠤ 《ᠴᠠᠭ᠋ᠠᠰᠤᠨ ᠤᠷᠠᠯᠢᠭ᠎ᠤᠨ ᠶᠡᠬᠡ ᠬᠤᠪᠢᠷᠠᠯᠲᠠ》 《ᠤᠰᠤᠨ᠎ᠤ ᠭᠠᠢ᠌ᠬᠠᠮᠰᠢᠭᠲᠤ ᠷᠢᠳᠢ ᠰᠢᠳᠢ》 《ᠥᠩᠭᠡ ᠪᠤᠳᠤᠭ᠎ᠤᠨ ᠵᠡᠭᠦᠳᠦ ᠵᠡᠷᠭᠡᠯᠭᠡᠨ》 《ᠭᠠᠯᠲᠤ ᠠᠭᠤᠯᠠ ᠵᠢᠨ ᠳᠡᠯᠪᠡᠷᠡᠯᠲᠡ ᠵᠢᠨ ᠬᠠᠴᠢᠨ ᠤᠴᠠᠷᠠᠯ》 ᠵᠡᠷᠭᠡ ᠰᠢᠨᠵᠢᠯᠡᠬᠦ ᠤᠬᠠᠭ᠋ᠠᠨ᠎ᠤ ᠰᠣᠨᠢᠷᠬᠠᠯ᠎ᠤᠨ ᠲᠤᠷᠰᠢᠯᠲᠠ ᠵᠢᠨ ᠠᠵᠢᠯᠯᠠᠭ᠎ᠠ ᠥᠷᠨᠢᠭᠦᠯᠵᠦ ᠪᠠᠢ᠌ᠨ᠎ᠠ᠃ ᠰᠤᠷᠭ᠋ᠠᠨ ᠬᠥᠮᠦᠵᠢᠯ᠂ ᠪᠠᠶᠠᠷ ᠪᠠᠶᠠᠰᠤᠯ᠎ᠢ ᠠᠭᠤᠰᠤᠯᠴᠠᠭᠤᠯᠬᠤ ᠠᠷᠭ᠎ᠠ᠎ᠪᠠᠷ ᠳᠠᠮᠵᠢᠭᠤᠯᠤᠨ᠂ ᠬᠡᠦᠬᠡᠳ᠎ᠤᠳ᠎ᠲᠤ ᠭᠠᠷ ᠬᠥᠳᠡᠯᠦᠨ ᠦᠢ᠍ᠯᠡᠳᠦᠯᠭᠡᠵᠢᠭᠦᠯᠬᠦ ᠳᠤᠮᠳᠠ ᠰᠢᠨᠵᠢᠯᠡᠬᠦ ᠤᠬᠠᠭ᠋ᠠᠨ᠎ᠤ ᠤᠭ ᠶᠣᠰᠣ ᠵᠢ ᠰᠦᠪᠡᠭᠴᠢᠯᠡᠵᠦ᠂ ᠪᠠᠢ᠌ᠭ᠋ᠠᠯᠢ ᠵᠢᠨ ᠨᠢᠭᠤᠴᠠ ᠵᠢ ᠮᠡᠳᠡᠷᠡᠭᠦᠯᠵᠦ᠂ ᠣᠯᠠᠨ ᠡᠰᠢᠲᠦ ᠦᠰᠦᠨ ᠪᠣᠶ᠋ᠢᠵᠢᠯᠲᠠ ᠵᠢ ᠪᠡᠶᠡᠴᠢᠯᠡᠨ ᠣᠢ᠌ᠯᠠᠭ᠋ᠠᠬᠤ ᠠᠬᠤᠢ ᠪᠠᠢ᠌ᠳᠠᠯ᠎ᠢ ᠪᠦᠲᠦᠮᠵᠢᠲᠡᠶ ᠪᠣᠶ ᠪᠣᠯᠭ᠋ᠠᠵᠤ᠂ ᠬᠡᠦᠬᠡᠳ᠎ᠤᠨ ᠰᠢᠨᠵᠢᠯᠡᠬᠦ ᠤᠬᠠᠭ᠋ᠠᠨ᠎ᠤ ᠬᠡᠪ ᠪᠣᠯᠪᠠᠰᠤᠷᠠᠯ ᠪᠠ ᠰᠢᠨ᠎ᠡ ᠵᠢ ᠡᠭᠦᠳᠬᠦ ᠰᠡᠳᠬᠢᠬᠦᠢ ᠵᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠪᠡ᠃
     ᠬᠢᠩᠭ᠋ᠠᠨ ᠠᠢ᠌ᠮᠠᠭ᠎ᠤᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠲᠥᠪ᠎ᠤᠨ᠎ᠬᠢᠨ ᠦᠨᠤ ᠵᠢᠯ ᠰᠢᠨ᠎ᠡ ᠵᠢ ᠡᠭᠦᠳᠦᠨ ᠪᠣᠳᠠᠲᠤ ᠴᠣᠭᠴᠠᠲᠤ ᠡᠵᠡᠩᠨᠡᠯᠲᠡ ᠵᠢ ᠠᠬᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡ ᠵᠢ ᠯᠠᠪᠳᠠᠭᠤᠨ ᠪᠠᠲᠤᠲᠠᠢ ᠦᠷᠨᠢᠬᠦᠯᠤᠬᠡᠳ ᠬᠦᠴᠢᠷᠳᠡᠯ᠎ᠳᠤ ᠲᠤᠯᠭ᠋ᠠᠷᠠᠭᠰᠠᠨ 32 ᠬᠡᠦᠬᠡᠳ᠎ᠲᠤ ᠲ᠋ᠤᠰᠠᠯᠠᠵᠤ ᠬᠠᠮᠠᠭ᠋ᠠᠯᠠᠬᠤ ᠦᠢ᠍ᠯᠡᠴᠢᠯᠡᠭᠡ ᠬᠠᠩᠭ᠋ᠠᠵᠤ᠂ ᠨᠠᠶ᠋ᠢᠳᠠᠯᠭ᠎ᠠ᠎ᠪᠠᠷ ᠬᠠᠮᠢᠶᠠᠷᠴᠤ ᠬᠠᠯᠠᠮᠵᠢᠯᠠᠨ ᠬᠠᠢ᠌ᠷᠠᠯᠠᠬᠤ ᠦᠢ᠍ᠯᠡᠴᠢᠯᠡᠭᠡ ᠵᠢ ᠨᠡᠶ᠋ᠢᠲᠡ 750 ᠬᠥᠮᠥᠨ ᠤᠳᠠᠭ᠎ᠠ ᠬᠠᠩᠭ᠋ᠠᠪᠠ᠃ 《ᠭᠣᠣᠯ ᠰᠡᠳᠦᠪᠲᠦ ᠰᠢᠷᠢᠰ ᠠᠵᠢᠯᠯᠠᠭ᠎ᠠ》᠂ 《ᠬᠡᠷ᠎ᠲᠤ᠎ᠨᠢ ᠬᠦᠷᠴᠦ ᠡᠷᠬᠢᠨ ᠦᠵᠡᠵᠦ ᠲᠣᠬᠣᠨᠢᠭᠤᠯᠬᠤ》 ᠵᠡᠷᠭᠡ  ᠬᠠᠯᠠᠮᠵᠢᠯᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ 500 ᠰᠢᠬᠠᠮ ᠬᠡᠦᠬᠡᠳ᠎ᠲᠤ ᠠᠰᠢᠭ ᠬᠦᠷᠲᠡᠭᠡᠵᠦ᠂ ᠭᠡᠷ᠎ᠲᠤ᠎ᠪᠠᠨ ᠬᠣᠴᠣᠷᠤᠭᠰᠠᠨ 145 ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠨ ᠲᠤᠬᠤᠨᠢᠭᠤᠯᠤᠬᠰᠠᠨ ᠪᠠᠢ᠌ᠨ᠎ᠠ᠃



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠠᠰᠠᠭ᠎ᠤᠨ ᠣᠷᠳᠣᠨ ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠳᠡᠮᠵᠢᠵᠦ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠦᠷᠨᠢᠭᠦᠯᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.15
ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠶ᠎ᠠ — ᠬᠡᠤᠬᠡᠳ᠎ᠤᠨ ᠠᠵᠢᠯ᠎ᠤᠨ ᠬᠠᠮᠤᠭ᠎ᠤᠨ ᠰᠤᠳᠤᠨ ᠡᠷᠬᠢᠯᠡᠭᠴᠢ ᠵᠠᠡᠭ ᠽᠸ ᠳ᠋ᠦᠡᠭ ᠬᠠᠢ᠌ᠷ᠎ᠠ᠎ᠪᠠᠷ ᠬᠡᠤᠬᠡᠳ᠎ᠢ ᠬᠠᠮᠠᠭ᠋ᠠᠯᠠᠨ ᠪᠤᠳᠠᠳᠤ ᠠᠵᠢᠯᠯᠠᠭ᠎ᠠ᠎ᠪᠠᠷ ᠵᠶ᠋ᠠᠨ ᠬᠠᠷᠢᠭᠤᠴᠠᠯᠭ᠎ᠠ ᠡᠭᠦᠷᠭᠡᠯᠡᠯ᠎ᠢ ᠲᠠᠢ᠌ᠯᠪᠤᠷᠢᠯᠠᠵᠤ ᠪᠠᠢ᠌ᠨ᠎ᠠ
 
            