ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠠᠰᠠᠭ᠎ᠤᠨ ᠣᠷᠳᠣᠨ ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠳᠡᠮᠵᠢᠵᠦ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠦᠷᠨᠢᠭᠦᠯᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠨᠡᠶᠢᠲᠡᠯᠡᠭᠰᠡᠨ ᠴᠠᠭ᠄ 2025-05-14

    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ  ᠳᠡᠮᠵᠢᠨ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢᠨ ᠠᠵᠢᠯ᠎ᠢ ᠦᠷᠨᠢᠭᠦᠯᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠦᠯ》 (ᠬᠡᠷᠡᠭᠵᠢᠭᠦᠯᠬᠦ ᠲᠥᠰᠦᠯ ᠭᠡᠵᠦ ᠲᠤᠪᠴᠢᠯᠠᠶ᠎ᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠠᠵᠢᠯ ᠥᠷᠨᠢᠭᠦᠯᠬᠦ ᠵᠢ ᠵᠢᠯᠣᠭᠣᠳᠤᠨ ᠳᠡᠮᠵᠢᠵᠦ᠂ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠨ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠳᠡᠭᠡᠭᠰᠢᠯᠡᠭᠦᠯᠪᠡ᠃
    《ᠬᠡᠷᠡᠭᠵᠢᠭᠦᠯᠬᠦ ᠲᠥᠰᠦᠯ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠵᠤ᠂ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ ᠵᠠᠰᠠᠭ᠎ᠤᠨ ᠣᠷᠳᠣᠨ᠎ᠤ᠎ᠬᠢᠨ ᠨᠡᠶ᠋ᠢᠭᠡᠮ᠎ᠤᠨ ᠬᠦᠴᠦᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠢᠳᠡᠪᠬᠢᠲᠡᠶ ᠳᠡᠯᠭᠡᠷᠡᠭᠦᠯᠵᠤ᠂ ᠪᠠᠶ᠋ᠢᠷᠢᠰᠢᠯ᠎ᠨᠢ ᠵᠣᠬᠢᠰᠲᠠᠶ᠂ ᠬᠠᠮᠢᠶᠠᠷᠤᠯᠲᠠ᠎ᠨᠢ ᠵᠢᠷᠤᠮᠵᠢᠭᠤᠨ᠂ ᠦᠢ᠍ᠯᠡᠴᠢᠯᠡᠭᠡ᠎ᠨᠢ ᠥᠨᠳᠥᠷ ᠪᠦᠲᠦᠮᠵᠢᠲᠡᠶ ᠨᠡᠶ᠋ᠢᠭᠡᠮ᠎ᠤᠨ  ᠠᠵᠢᠯᠲᠠᠨ᠎ᠤ ᠥᠷᠲᠡᠭᠡ ᠵᠢ  ᠪᠠᠢ᠌ᠭᠤᠯᠤᠨ᠂ ᠦᠨᠳᠦᠰᠦᠨ ᠱᠠᠲᠤᠨ᠎ᠳᠤ ᠦᠷᠭᠦᠯᠵᠢᠯᠡᠨ  ᠬᠦᠴᠤᠨ ᠨᠡᠮᠡᠷᠢᠯᠡᠵᠤ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠵᠶ᠋ᠠᠷ  ᠳᠡᠭᠡᠭᠰᠢᠯᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠰᠡᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠦᠨᠡᠨ ᠬᠦ᠌ ᠨᠡᠮᠡᠭᠳᠡᠭᠦᠯᠵᠦ᠂ ᠤᠬᠠᠮᠰᠠᠷ᠎ᠠᠴᠠ᠎ᠪᠠᠨ ᠨᠠᠮ᠎ᠤᠨ ᠠᠴᠢ ᠵᠢ ᠮᠡᠳᠡᠷᠡᠨ᠂ ᠨᠠᠮ᠎ᠤᠨ ᠦᠭᠡ ᠵᠢ ᠰᠤᠨᠤᠰᠴᠤ᠂ ᠨᠠᠮ ᠵᠶ᠋ᠠᠨ ᠳᠠᠭ᠋ᠠᠬᠤ ᠵᠢ  ᠤᠯᠠᠮ ᠪᠠᠲᠤᠳᠬᠠᠬᠤ ᠬᠡᠷᠡᠭᠲᠡᠶ᠃
    《ᠬᠡᠷᠡᠭᠵᠢᠭᠦᠯᠬᠦ ᠲᠥᠰᠦᠯ》᠎ᠳᠤ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ ᠠᠭᠤᠯᠭ᠎ᠠ᠂ ᠭᠣᠤᠯ ᠴᠣᠭᠴᠠ᠂ ᠲᠣᠭᠲᠠᠴᠠ ᠪᠠ ᠭᠣᠤᠯᠳᠠᠯᠭ᠎ᠠ ᠵᠢ ᠵᠢᠷᠤᠮᠵᠢᠭᠤᠯᠪᠠ᠃  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 《ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ   ᠦᠢ᠍ᠯᠡᠴᠢᠯᠡᠭᠡ ᠬᠤᠳᠠᠯᠳᠤᠨ ᠠᠪᠬᠤ ᠨᠠᠷᠢᠨ ᠳᠠᠩᠰᠠ》 ᠵᠢ ᠨᠢᠭᠡᠳᠦᠯᠲᠡᠶ ᠲᠤᠬᠳᠠᠭ᠋ᠠᠬᠰᠠᠨ᠎ᠤ ᠬᠠᠮᠲᠤ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠪᠢᠷᠠᠯᠲᠠ ᠵᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠨ᠎ᠠ ᠭᠡᠵᠦ ᠲᠣᠳᠣᠷᠬᠠᠶ ᠲᠣᠭᠲᠠᠭ᠋ᠠᠪᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠪᠣᠳᠠᠲᠠᠶ᠎ᠪᠠᠷ  ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠡᠶ᠋ᠢᠭᠡᠮ᠎ᠤᠨ ᠳᠡᠳᠬᠦᠨ  ᠲᠤᠰᠠᠯᠠᠯᠲᠠ᠂ ᠨᠠᠰᠤᠲᠠᠶ᠋ᠢᠴᠤᠳ ᠪᠠ ᠨᠠᠰᠤᠵᠢᠯ᠎ᠤᠨ ᠠᠰᠠᠷᠠᠮᠵᠢ᠂ ᠬᠡᠤᠬᠡᠳ᠎ᠤᠨ ᠠᠰᠠᠷᠠᠮᠵᠢ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ᠂ ᠨᠢᠭᠦᠯᠡᠰᠦᠩᠭᠦᠶ ᠵᠢᠨ ᠦᠢ᠍ᠯᠡᠰ᠂ ᠵᠡᠮᠳᠡᠭᠴᠦᠳ᠎ᠤᠨ ᠠᠰᠠᠷᠠᠮᠵᠢ᠂ ᠠᠮᠢᠳᠤᠷᠠᠯ ᠵᠶ᠋ᠡᠨ  ᠠᠷᠭ᠋ᠠᠴᠠᠭ᠋ᠠᠵᠤ ᠳᠡᠢ᠌ᠯᠬᠦ ᠦᠭᠡᠢ ᠪᠤᠯᠤᠭᠰᠠᠨ ᠲᠡᠨᠦᠭᠦᠴᠢᠯᠡᠨ ᠭᠤᠢ᠌ᠷᠠᠨᠴᠢᠯᠠᠬᠰᠠᠳ ᠵᠡᠷᠭᠡ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠦᠰ᠎ᠢ  ᠲᠤᠰᠠᠯᠠᠬᠤ᠂ ᠣᠷᠣᠭ ᠬᠤᠷᠢᠮ᠂ ᠣᠷᠣᠰᠢᠭᠤᠯᠭ᠎ᠠ ᠵᠢᠨ ᠦᠢ᠍ᠯᠡᠰ ᠵᠡᠷᠭᠡ ᠬᠦᠷᠢᠶ᠎ᠡ ᠴᠠᠷᠠᠭ᠎ᠠ ᠎ᠳᠤ᠎ᠬᠢ ᠠᠷᠠᠳ᠎ᠤᠨ ᠶᠠᠪᠤᠳᠠᠯ᠎ᠤᠨ ᠦᠢ᠍ᠯᠡᠴᠢᠯᠡᠬᠡ ᠬᠦᠷᠳᠡᠭᠭᠰᠡᠳ᠎ᠲᠤ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠬᠠᠮᠢᠶ᠎ᠠ ᠪᠥᠬᠥᠶ ᠲᠤᠰᠠᠯᠠᠬᠤ ᠴᠢᠨᠠᠷᠲᠠᠶ ᠦᠢ᠍ᠯᠡᠴᠢᠯᠡᠭᠡ ᠵᠢ ᠰᠢᠭᠤᠳ ᠬᠤᠳᠠᠯᠳᠤᠨ ᠠᠪᠴᠤ ᠪᠣᠯᠤᠨ᠎ᠠ᠃
       《ᠬᠡᠷᠡᠭᠵᠢᠭᠦᠯᠬᠦ ᠲᠥᠰᠦᠯ》᠎ᠳᠤ ᠨᠡᠶ᠋ᠢᠭᠡᠮ᠎ᠤᠨ  ᠠᠵᠢᠯᠲᠠᠨ᠎ᠤ ᠥᠷᠲᠡᠭᠡ ᠵᠢᠨ ᠵᠢᠷᠤᠮᠵᠢᠭᠤᠯᠬᠤ ᠪᠠᠶ᠋ᠢᠭᠤᠯᠤᠯᠲᠠ ᠵᠢ ᠴᠢᠩᠭ᠋ᠠᠳᠬᠠᠬᠤ  ᠲᠤᠬᠠᠢ ᠪᠣᠳᠠᠲᠠᠶ ᠠᠷᠭ᠎ᠠ ᠵᠢ ᠲᠤᠷᠠᠳᠪᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠣᠭᠲᠠᠴᠠ ᠵᠢ ᠭᠦᠢ᠍ᠴᠡᠳ ᠠᠰᠢᠭᠯᠠᠨ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠶ᠋ᠢᠭᠡᠮ᠎ᠤᠨ ᠲᠡᠳᠬᠦᠨ ᠲᠤᠰᠠᠯᠠᠬᠤ ᠠᠵᠢᠯ᠎ᠤᠨ ᠥᠷᠲᠡᠭᠡ᠂ ᠨᠠᠰᠤᠵᠢᠯ᠎ᠤᠨ ᠠᠰᠠᠷᠠᠮᠵᠢ ᠵᠢᠨ  ᠦᠢ᠍ᠯᠡᠴᠢᠯᠡᠭᠡᠨ᠎ᠤ ᠥᠷᠲᠡᠭᠡ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ  ᠬᠦᠮᠦᠵᠢᠭᠦᠯᠬᠦ ᠰᠠᠭᠤᠷᠢᠨ ᠭᠠᠵᠠᠷ᠂ ᠨᠢᠭᠦᠯᠡᠰᠦᠩᠭᠦᠶ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠣᠯᠠᠨ ᠴᠡᠭ᠎ᠲᠤ ᠲᠠᠷᠬᠠᠵᠤ ᠪᠠᠶ᠋ᠢᠭ᠎ᠠ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ ᠎ᠢ ᠨᠡᠶ᠋ᠢᠭᠡᠮ᠎ᠤᠨ ᠠᠵᠢᠯᠲᠠᠨ᠎ᠤ  ᠥᠷᠲᠡᠭᠡ᠎ᠲᠠᠢ ᠨᠡᠶ᠋ᠢᠯᠡᠭᠦᠯᠬᠦ ᠠᠵᠢᠯ᠎ᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠦᠢ᠍ᠯᠡᠴᠢᠯᠡᠭᠡᠨ᠎ᠤ ᠲᠠᠪᠴᠠᠩ᠎ᠢ ᠨᠢᠭᠡ ᠴᠤᠭᠴᠠᠵᠢᠭᠤᠯᠬᠤ᠂ ᠦᠢ᠍ᠯᠡᠴᠢᠯᠡᠭᠡᠨ᠎ᠤ ᠡᠵᠡᠩᠨᠡᠯᠲᠡ ᠵᠢ ᠵᠢᠷᠤᠮᠵᠢᠭᠤᠯᠬᠤ᠂ ᠦᠢ᠍ᠯᠡᠴᠢᠯᠡᠭᠡᠨ᠎ᠤ ᠠᠭᠤᠯᠭ᠎ᠠ ᠵᠢ ᠨᠠᠷᠢᠨ ᠲᠠᠩᠰᠠᠵᠢᠭᠤᠯᠬᠤ᠂  ᠦᠢ᠍ᠯᠡᠴᠢᠯᠡᠭᠡᠨ᠎ᠤ ᠪᠠᠯᠠ ᠮᠥᠩᠭᠥ ᠵᠢ ᠲᠥᠪᠯᠡᠷᠡᠭᠦᠯᠬᠦ᠂  ᠦᠢ᠍ᠯᠡᠴᠢᠯᠡᠭᠡᠨ᠎ᠤ ᠲᠥᠷᠥᠯ  ᠵᠤᠢ᠌ᠯ᠎ᠢ ᠨᠠᠷᠠᠲᠤ ᠲᠡᠮᠳᠡᠭᠵᠢᠭᠦᠯᠬᠦ ᠵᠡᠷᠭᠡ 《ᠲᠠᠪᠤᠵᠢᠭᠤᠯᠬᠤ》 ᠠᠷᠭ᠎ᠠ᠎ᠪᠠᠷ ᠪᠠᠷᠢᠴᠨ ᠪᠣᠯᠭ᠋ᠠᠵᠤ᠂ ᠶᠡᠷᠦᠩᠬᠡᠶ᠋ᠢᠯᠡᠭᠰᠡᠨ ᠴᠢᠨᠠᠷᠲᠠᠶ᠂  ᠦᠷᠲᠡᠭᠡᠴᠢᠯᠡᠬᠦ  ᠦᠢ᠍ᠯᠡᠴᠢᠯᠡᠭᠡᠨ᠎ᠤ ᠲᠠᠪᠴᠠᠩ᠎ᠤᠨ ᠠᠴᠢᠶᠠᠯᠠᠪᠤᠷᠢ ᠵᠢ ᠴᠢᠷᠮᠠᠢ᠌ᠨ ᠪᠠᠢ᠌ᠭᠤᠯᠵᠤ᠂ ᠥᠷᠲᠡᠭᠡ ᠴᠡᠭ᠎ᠢ ᠬᠠᠮᠲᠤ᠎ᠪᠠᠷ ᠬᠡᠷᠡᠭᠯᠡᠬᠦ᠂ ᠡᠬᠢ ᠪᠠᠶᠠᠯᠢᠭ᠎ᠢ ᠬᠠᠮᠳᠤ᠎ᠪᠠᠷ ᠡᠳ᠋ᠯᠡᠬᠦ᠂ ᠴᠢᠳᠠᠮᠵᠢ ᠎ᠪᠠᠨ ᠬᠠᠷᠢᠯᠴᠠᠨ ᠨᠥᠬᠥᠪᠥᠷᠢᠯᠡᠬᠦ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠵᠤ᠂ ᠠᠷᠠᠳ᠎ᠤᠨ ᠠᠮᠢᠳᠤᠷᠠᠯ᠎ᠤᠨ ᠰᠠᠭᠤᠷᠢ ᠵᠢ ᠪᠠᠲᠤᠯᠠᠬᠤ ᠦᠢ᠍ᠯᠡᠴᠢᠯᠡᠭᠡ ᠵᠢ ᠰᠢᠰᠲ᠋ᠧᠮᠵᠢᠭᠦᠯᠬᠦ᠂ ᠶᠡᠷᠥᠩᠬᠡᠢ᠌ᠴᠢᠯᠡᠬᠥ ᠲᠡᠢ᠌ᠰᠢ ᠬᠤᠪᠢᠷᠠᠭᠤᠯᠬᠤ ᠵᠢ ᠲᠦᠷᠭᠡᠳᠬᠡᠨ  ᠪᠡᠶᠡᠯᠡᠭᠦᠯᠬᠦ  ᠬᠡᠷᠡᠭᠲᠡᠢ᠃
   《ᠬᠡᠷᠡᠭᠵᠢᠭᠦᠯᠬᠦ ᠲᠥᠰᠦᠯ》᠎ᠳᠤ ᠪᠠᠰᠠ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠪᠠ᠃ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠵᠢ ᠢᠳᠡᠪᠬᠢᠲᠡᠶ ᠠᠬᠢᠭᠤᠯᠵᠤ᠂ ᠨᠡᠶ᠋ᠢᠭᠡᠮ᠎ᠤᠨ ᠠᠵᠢᠯᠲᠠᠨ᠎ᠤ ᠥᠷᠲᠡᠭᠡ ᠵᠢᠨ ᠵᠢᠷᠤᠮᠵᠢᠭᠰᠠᠨ ᠪᠠᠶ᠋ᠢᠭᠤᠯᠤᠯᠲᠠ ᠵᠢ ᠴᠢᠩᠭ᠋ᠠᠳᠬᠠᠬᠤ ᠪᠣᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠨᠠᠭ᠋ᠠᠳᠤ ᠵᠠᠬ᠎ᠠ ᠵᠢᠨ ᠠᠮᠢᠳᠤᠷᠠᠯ᠎ᠢ  ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠢᠰᠲ᠋ᠧᠮ ᠪᠠ ᠨᠡᠶ᠋ᠢᠭᠡᠮ᠎ᠤᠨ ᠣᠷᠣᠯᠴᠠᠯᠭ᠎ᠠ ᠵᠢᠨ ᠰᠢᠰᠲ᠋ᠧᠮ᠎ᠢ ᠤᠯᠠᠮ ᠵᠶ᠋ᠠᠷ ᠲᠡᠭᠦᠯᠳᠡᠷᠵᠢᠭᠦᠯᠦᠨ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠰᠠᠭᠤᠷᠢ ᠵᠢ ᠪᠡᠬᠢᠵᠢᠭᠦᠯᠵᠦ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢ ᠨᠡᠮᠡᠭᠳᠡᠭᠦᠯᠬᠦ ᠴᠢᠬᠤᠯᠠ ᠠᠷᠭ᠎ᠠ ᠮᠥᠨ ᠭᠡᠵᠦ ᠴᠢᠬᠤᠯᠠᠴᠢᠯᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠥᠷᠥᠯ ᠵᠤᠢ᠌ᠯ᠎ᠤᠨ ᠪᠠᠯᠠ ᠮᠥᠩᠭᠥ᠎ᠪᠠᠷ ᠳᠡᠮᠵᠢᠬᠦ᠂ ᠨᠡᠶ᠋ᠢᠲᠡᠯᠢᠭ ᠵᠢᠱ᠌ᠢᠶ᠎ᠡ᠎ᠪᠠᠷ ᠳᠠᠭ᠋ᠠᠭᠤᠯᠬᠤ᠂ ᠲᠤᠷᠰᠢᠯᠭ᠎ᠠ ᠵᠢ ᠤᠬᠠᠭᠤᠯᠤᠨ ᠳᠡᠯᠭᠡᠷᠡᠭᠦᠯᠬᠦ ᠵᠡᠷᠭᠡ ᠠᠷᠭ᠎ᠠ᠎ᠪᠠᠷ ᠭᠣᠤᠯᠳᠠᠯᠭ᠎ᠠ᠎ᠲᠠᠢ ᠠᠬᠢᠭᠤᠯᠤᠨ᠎ᠠ᠃ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ᠎ᠢ ᠴᠢᠩᠭ᠋ᠠᠳᠬᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ᠎ᠬᠢᠨ᠎ᠲᠠᠢ ᠢᠳᠡᠪᠬᠢᠲᠡᠶ  ᠬᠠᠷᠢᠯᠴᠠᠨ ᠂ ᠪᠠᠯᠠ ᠮᠥᠩᠭᠥ᠂ ᠲᠠᠯᠠᠪᠤᠷ᠂ ᠠᠵᠢᠯᠲᠠᠨ᠎ᠢ ᠳᠡᠮᠵᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠨᠡᠶ᠋ᠢᠭᠡᠮ᠎ᠤᠨ  ᠠᠵᠢᠯᠲᠠᠨ᠎ᠤ ᠥᠷᠲᠡᠭᠡ ᠵᠢᠨ ᠡᠵᠡᠩᠨᠡᠯᠲᠡ ᠪᠠ ᠪᠠᠯᠠ ᠮᠥᠩᠭᠥ ᠵᠢ ᠬᠡᠷᠡᠭᠯᠡᠬᠦ ᠶᠠᠪᠤᠴᠠ ᠎ᠳᠤ᠎ᠬᠢ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠦᠷ᠎ᠡ ᠪᠦᠲᠦᠮᠵᠢ ᠵᠢ ᠮᠥᠷᠳᠡᠨ ᠠᠰᠠᠭᠤᠵᠤ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠲᠠᠰᠤᠷᠠᠯᠲᠠ ᠦᠭᠡᠢ ᠲᠡᠭᠡᠭᠰᠢᠯᠡᠬᠦᠯᠬᠦ ᠪᠤᠯᠤᠨ᠎ᠠ᠃
                                   

     

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.15
ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠶ᠎ᠠ — ᠬᠡᠤᠬᠡᠳ᠎ᠤᠨ ᠠᠵᠢᠯ᠎ᠤᠨ ᠬᠠᠮᠤᠭ᠎ᠤᠨ ᠰᠤᠳᠤᠨ ᠡᠷᠬᠢᠯᠡᠭᠴᠢ ᠵᠠᠡᠭ ᠽᠸ ᠳ᠋ᠦᠡᠭ ᠬᠠᠢ᠌ᠷ᠎ᠠ᠎ᠪᠠᠷ ᠬᠡᠤᠬᠡᠳ᠎ᠢ ᠬᠠᠮᠠᠭ᠋ᠠᠯᠠᠨ ᠪᠤᠳᠠᠳᠤ ᠠᠵᠢᠯᠯᠠᠭ᠎ᠠ᠎ᠪᠠᠷ ᠵᠶ᠋ᠠᠨ ᠬᠠᠷᠢᠭᠤᠴᠠᠯᠭ᠎ᠠ ᠡᠭᠦᠷᠭᠡᠯᠡᠯ᠎ᠢ ᠲᠠᠢ᠌ᠯᠪᠤᠷᠢᠯᠠᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.16
 
            