ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.14
ᠨᠡᠶᠢᠲᠡᠯᠡᠭᠰᠡᠨ ᠴᠠᠭ᠄ 2025-05-19

ᠠᠷᠠᠳ᠎ᠤᠨ ᠶᠠᠪᠤᠳᠠᠯ᠎ᠤᠨ ᠶᠠᠮᠤᠨ
 
    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《ᠣᠷᠣᠭ ᠲᠠᠡᠭᠰᠠᠯᠠᠬᠤ ᠠᠵᠢᠯ᠎ᠤᠨ ᠲᠦᠷᠢᠮ》᠎ᠢ ᠳᠠᠷᠤᠮᠠᠯᠯᠠᠨ ᠲᠠᠷᠬᠠᠭ᠋ᠠᠪᠠ᠃ ᠲᠦᠷᠢᠮ᠎ᠳᠤ ᠶᠢᠰᠦᠨ ᠪᠦᠯᠦᠭ᠂ ᠶᠡᠷᠡᠨ ᠬᠤᠶᠠᠷ ᠵᠦᠢ᠍ᠯ᠎ᠲᠠᠢ ᠪᠦᠬᠡᠳ ᠤᠷᠤᠭ ᠲᠠᠡᠭᠰᠠᠯᠠᠬᠤ ᠪᠠᠢ᠌ᠭᠤᠯᠭ᠎ᠠ᠂ ᠤᠷᠤᠭ ᠲᠠᠡᠭᠰᠠᠯᠠᠭᠴᠢ᠂ ᠤᠷᠤᠭ ᠲᠠᠡᠭᠰᠠᠯᠠᠯᠳᠠ᠂ ᠤᠷᠤᠭ ᠰᠠᠯᠬᠤ ᠲᠠᠡᠭᠰᠠᠯᠠᠯᠳᠠ᠂ ᠤᠷᠤᠭ ᠪᠠᠳᠤᠯᠠᠪᠤᠷᠢ ᠨᠥᠬᠥᠵᠦ ᠠᠪᠬᠤ᠂ ᠤᠷᠤᠭ ᠲᠠᠡᠭᠰᠠᠯᠠᠯᠳᠠ ᠵᠢ ᠬᠦᠴᠦᠨ ᠦᠭᠡᠢ ᠪᠣᠯᠭ᠋ᠠᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠵᠡᠷᠭᠡ ᠠᠵᠢᠯ᠎ᠢ ᠲᠤᠰ ᠲᠤᠰ ᠵᠢᠷᠤᠮᠵᠢᠭᠤᠯᠵᠠᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ᠎ᠪᠠᠷ ᠵᠢᠯᠤᠭᠣᠳᠴᠤ ᠪᠠᠢ᠌ᠭ᠋ᠠᠳ ᠥᠪᠡᠷᠮᠢᠴᠡ ᠣᠨᠴᠠᠯᠢᠭ᠎ᠲᠠᠢ ᠲᠥᠷᠥᠯ ᠵᠦᠢ᠍ᠯ ᠪᠠᠢ᠌ᠭᠤᠯᠵᠤ᠂ ᠲᠤᠰᠠᠯᠠᠮᠵᠢ ᠵᠢᠨ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ 4 ᠳ᠋ᠤᠬᠡᠷ ᠰᠠᠷ᠎ᠠ᠎ᠳᠤ ᠬᠥᠳᠡᠭᠡ ᠲᠣᠰᠬᠣᠨ᠎ᠤ ᠥᠨᠥᠴᠢᠨ ᠪᠡᠯᠪᠡᠰᠦᠨ ᠨᠠᠰᠤᠲᠠᠢ᠌ᠴᠤᠳ᠎ᠲᠤ ᠵᠣᠷᠢᠭᠤᠯᠤᠨ ᠬᠠᠨᠳᠢᠪᠯᠡᠬᠤ ᠠᠵᠢᠯᠯᠠᠭ᠎ᠠ ᠥᠷᠨᠢᠭᠦᠯᠵᠦ᠂ 5000 ᠲᠥᠭᠥᠷᠢᠭ᠎ᠤᠨ ᠠᠮᠤ ᠪᠤᠳᠠᠭ᠎ᠠ ᠵᠡᠷᠭᠡ ᠡᠳ᠋ ᠪᠣᠳᠠᠰ᠎ᠢ ᠬᠠᠨᠳᠢᠪᠯᠡᠪᠠ᠃ ᠨᠠᠷᠠᠨ᠎ᠤ ᠨᠡᠶ᠋ᠢᠲᠡ ᠵᠢᠨ ᠠᠰᠠᠷᠠᠮᠵᠢ ᠵᠢᠨ ᠰᠤᠷᠤᠯᠭ᠎ᠠ ᠵᠢᠨ ᠲᠡᠳᠬᠦᠮᠵᠢ ᠵᠢ ᠠᠬᠢᠭᠤᠯᠵᠤ᠂ 27 ᠶᠠᠳᠠᠭᠤ ᠬᠦᠴᠢᠷᠳᠡᠯᠲᠡᠢ ᠰᠤᠷᠤᠭᠴᠢᠳ᠎ᠲᠤ 1.62 ᠲᠦᠮᠡᠨ ᠲᠥᠭᠥᠷᠢᠭ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠣᠯᠭᠣᠪᠠ᠃ ᠠᠤᠬᠠᠨ᠎ᠤ ᠷᠠᠰᠢᠶᠠᠨ᠎ᠤ ᠬᠢᠲᠠᠳ ᠡᠮᠨᠡᠯᠭᠡ ᠵᠢᠨ ᠮᠣᠩᠭᠣᠯ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠣᠯᠪᠤᠭ᠋ᠠᠯᠠᠨ 《ᠬᠦᠨᠳᠦ  ᠡᠪᠡᠳᠴᠢᠳᠠᠨ᠎ᠳᠤ ᠲᠤᠰᠠᠯᠠᠬᠤ ᠲᠥᠷᠥᠯ ᠵᠦᠢ᠍ᠯ》᠎ᠢ ᠥᠷᠨᠢᠭᠦᠯᠵᠦ᠂ 5803.33 ᠲᠥᠭᠥᠷᠢᠭ᠎ᠤᠨ ᠨᠦᠬᠦᠯᠡᠰᠤᠡᠭᠬᠦᠢ ᠵᠢᠨ ᠮᠥᠩᠭᠥ ᠴᠤᠭᠯᠠᠭᠤᠯᠪᠠ᠃ ᠳᠤᠮᠳᠠᠳᠤ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠡᠮ᠎ᠤᠨ ᠵᠦᠢ᠍ᠯ᠎ᠤᠨ ᠲᠤᠰᠠᠯᠠᠮᠵᠢ ᠵᠢ ᠪᠠᠢ᠌ᠩᠭᠤᠵᠢᠭᠤᠯᠤᠨ ᠬᠡᠷᠡᠭᠵᠢᠭᠦᠯᠵᠦ 《ᠭ᠋ᠸᠷᠢᠸᠢ》 ᠵᠡᠷᠭᠡ 78 ᠬᠠᠢ᠌ᠷᠴᠠᠭ ᠲᠤᠰᠠᠯᠠᠮᠵᠢ ᠵᠢᠨ ᠡᠮ᠎ᠤᠨ ᠵᠦᠢ᠍ᠯ᠎ᠢ ᠲᠠᠷᠬᠠᠭ᠋ᠠᠵᠤ᠂ ᠶᠡᠷᠦᠩᠬᠡᠢ ᠥᠷᠲᠡᠭ᠎ᠨᠢ 94.5 ᠲᠦᠮᠡᠨ ᠲᠥᠭᠥᠷᠢᠭ ᠪᠠᠢ᠌ᠵᠤ᠂ 56 ᠬᠥᠮᠥᠨ ᠤᠳᠠᠭ᠎ᠠ᠎ᠳᠤ ᠠᠰᠢᠭ ᠬᠦᠷᠲᠡᠭᠡᠪᠡ᠃ ᠣᠯᠠᠨ  ᠠᠷᠭ᠎ᠠ᠎ᠪᠠᠷ ᠬᠦᠴᠢᠷᠳᠡᠯᠲᠡᠢ ᠬᠦᠮᠦᠰ᠎ᠲᠤ ᠲᠤᠢ᠌ᠯ᠎ᠤᠨ ᠣᠨᠣᠪᠴᠢᠲᠠᠶ᠎ᠪᠠᠷ ᠬᠦᠴᠦ ᠨᠡᠮᠡᠷᠢᠯᠡᠵᠦ᠂ ᠨᠢᠭᠦᠯᠡᠰᠦᠩᠭᠦᠢ ᠵᠢᠨ  ᠲᠡᠳᠬᠦᠮᠵᠢ ᠵᠢᠨ ᠠᠵᠢᠯ᠎ᠤᠨ ᠲᠠᠭ᠋ᠠᠭ᠋ᠠᠮᠠᠭ᠋ᠠᠢ ᠴᠢᠨᠠᠷ᠎ᠢ ᠢᠯᠡᠷᠡᠭᠦᠯᠪᠡ᠃


ᠬᠡᠦᠬᠡᠳ᠎ᠤᠨ ᠠᠰᠠᠷᠠᠮᠵᠢ


    ᠬᠥᠬᠡᠬᠣᠲᠠ ᠵᠢᠨ᠎ᠬᠢᠨ ᠤᠷᠴᠢᠮ᠎ᠳᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠬᠡᠦᠬᠡᠳ᠎ᠤᠨ ᠬᠢᠨᠠᠨ ᠵᠢᠯᠣᠭᠣᠳᠤᠭᠴᠢ᠂ ᠬᠡᠦᠬᠡᠳ᠎ᠤᠨ ᠡᠷᠬᠢᠯᠡᠭᠴᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠢ 9 ᠲᠠᠯᠠᠪᠤᠷ ᠡᠷᠭᠢᠯᠡᠵᠦ ᠡᠯ᠎ᠡ ᠬᠣᠰᠢᠭᠤ ᠰᠢᠶᠠᠨ ᠲᠣᠭᠣᠷᠢᠭ᠎ᠤᠨ ᠨᠠᠰᠤᠨ᠎ᠳᠤ ᠦᠯᠤ ᠬᠦᠷᠦᠭᠰᠡᠳ ᠎ᠤᠨ ᠠᠵᠢᠯ᠎ᠤᠨ ᠥᠷᠲᠡᠭᠡ᠎ᠳᠤ ᠴᠢᠭᠯᠡᠭᠦᠯᠦᠨ ᠨᠡᠢ᠌ᠭᠡᠮ᠎ᠤᠨ ᠠᠵᠢᠯ᠎ᠤᠨ ᠬᠢᠨᠠᠨ ᠵᠢᠯᠤᠭᠣᠳᠬᠤ ᠪᠣᠯᠪᠠᠰᠤᠷᠠᠯ᠎ᠢ 10 ᠲᠠᠯᠠᠪᠤᠷ ᠥᠷᠨᠢᠭᠦᠯᠵᠦ᠂ ᠠᠵᠢᠯᠲᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠵᠢ ᠪᠦᠲᠦᠮᠵᠢᠲᠡᠶ ᠴᠢᠡᠭᠭ᠋ᠠᠳᠬᠠᠬᠰᠠᠨ᠎ᠤ ᠬᠠᠮᠲᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠬᠤ ᠪᠠ ᠬᠡᠷᠡᠭᠴᠡᠭᠡ ᠱᠠᠭ᠋ᠠᠷᠳᠠᠯᠭ᠎ᠠ ᠵᠢ ᠦᠨᠡᠯᠡᠬᠦ ᠠᠵᠢᠯ᠎ᠢ  380 ᠤᠳᠠᠭ᠎ᠠ ᠥᠷᠨᠢᠭᠦᠯᠵᠦ᠂ ᠨᠡᠢ᠌ᠭᠡᠮ᠎ᠤᠨ ᠠᠵᠢᠯᠲᠠᠨ᠎ᠤ ᠲᠤᠰᠬᠠᠢ ᠦᠢ᠍ᠯᠡᠴᠢᠯᠡᠭᠡ ᠵᠢ 33 ᠤᠳᠠᠭ᠎ᠠ ᠬᠡᠷᠡᠭᠵᠢᠭᠦᠯᠵᠦ᠂ ᠰᠡᠳᠬᠢᠴᠡ ᠵᠢᠨ ᠪᠣᠳᠠᠭ᠋ᠠᠯᠢ ᠪᠡᠶ᠎ᠡ ᠵᠢᠨ ᠵᠥᠪᠯᠡᠯᠭᠡ 196 ᠤᠳᠠᠭ᠎ᠠ ᠬᠠᠩᠭ᠋ᠠᠵᠤ᠂ 95 ᠲᠠᠯᠠᠪᠤᠷ ᠪᠦᠯᠬᠦᠮ ᠨᠡᠶ᠋ᠢᠲᠡ᠎ᠪᠠᠷ ᠬᠠᠪᠰᠤᠷᠤᠨ ᠵᠢᠯᠤᠭᠣᠳᠬᠤ ᠵᠢᠨ ᠬᠠᠮᠲᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠡᠳ᠋ᠯᠡᠵᠦ ᠪᠠᠢ᠌ᠭ᠎ᠠ 129 ᠬᠡᠦᠬᠡᠳ᠎ᠲᠤ ᠬᠠᠷᠠᠭ᠋ᠠᠯᠵᠠᠨ ᠬᠠᠮᠠᠭ᠋ᠠᠯᠠᠬᠤ ᠦᠨᠡᠯᠡᠨ ᠵᠢᠱ᠌ᠢᠯᠲᠡ ᠬᠢᠵᠦ᠂ ᠮᠡᠳᠡᠭᠦᠯᠦᠯᠲᠡ ᠭᠠᠷᠭ᠋ᠠᠨ ᠥᠭᠴᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠣᠯᠠᠨ ᠲᠠᠯ᠎ᠠ᠎ᠪᠠᠷ ᠳᠡᠭᠡᠭᠰᠢᠯᠡᠭᠦᠯᠪᠡ᠃


  ᠨᠢᠬᠦᠯᠡᠰᠤᠡᠭᠬᠦᠢ ᠵᠢᠨ ᠦᠢ᠍ᠯᠡᠰ


    ᠪᠤᠭᠤᠲᠤ ᠬᠣᠲᠠ ᠵᠢᠨ ᠨᠢᠭᠡᠳᠦᠭᠡᠷ ᠦᠷᠳᠡᠭᠡᠴᠢᠯᠡᠭᠰᠡᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠤᠷᠠᠯ ᠵᠢᠤᠶᠤᠸᠠᠨ ᠲᠣᠭᠣᠷᠢᠭ᠎ᠲᠤ ᠬᠤᠷᠠᠯᠳᠤᠪᠠ᠃ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠪᠠᠷᠢᠮᠵᠢᠶᠠᠵᠢᠭᠤᠯᠤᠭᠰᠠᠨ ᠪᠦᠲᠦᠭᠡᠨ ᠪᠠᠢ᠌ᠭᠤᠯᠤᠯᠲᠠ + ᠲᠤᠰᠬᠠᠢ᠌ᠵᠢᠭᠰᠠᠨ ᠡᠵᠡᠩᠨᠡᠯᠲᠡ》 ᠵᠢᠨ ᠬᠣᠣᠰ ᠬᠦᠷᠳᠦ᠎ᠪᠠᠷ ᠬᠥᠳᠡᠯᠭᠡᠬᠦ ᠵᠠᠭᠪᠤᠷ᠎ᠢ ᠰᠦᠪᠡᠭᠴᠢᠯᠡᠵᠦ᠂ ᠦᠷᠳᠡᠬᠡᠴᠢᠯᠡᠭᠰᠡᠨ ᠶᠡᠷᠤᠡᠭᠭᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠣᠶ ᠪᠤᠯᠭ᠋ᠠᠪᠠ᠃ ᠣᠳᠣᠬᠠᠨ᠎ᠳᠤ ᠪᠥᠬᠥ ᠬᠣᠲᠠ᠎ᠳᠤ ᠨᠡᠶ᠋ᠢᠲᠡ 85 ᠨᠡᠢ᠌ᠭᠡᠮ᠎ᠤᠨ ᠠᠵᠢᠯ᠎ᠤᠨ ᠥᠷᠲᠡᠭᠡ ᠵᠢ ᠪᠠᠢ᠌ᠭᠤᠯᠵᠤ᠂ 《ᠬᠣᠲᠠ᠂ ᠲᠣᠭᠣᠷᠢᠭ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ》 ᠭᠤᠷᠪᠠᠨ ᠱᠠᠲᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠎ᠢ ᠪᠠᠢ᠌ᠭᠤᠯᠵᠤ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠭᠰᠡᠨ᠂ ᠴᠢᠳᠠᠮᠵᠢ᠎ᠨᠢ ᠲᠥᠪᠯᠡᠷᠡᠭᠰᠡᠨ᠂ ᠬᠠᠮᠵᠢᠯᠴᠠᠭᠰᠠᠨ ᠥᠨᠳᠥᠷ ᠪᠦᠲᠦᠮᠵᠢᠲᠡᠶ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ  ᠲᠤᠤᠷᠵᠢᠯ᠎ᠢ ᠪᠣᠶ ᠪᠣᠯᠭ᠋ᠠᠵᠤ᠂ ᠣᠯᠠᠨ ᠲᠦᠮᠡᠨ᠎ᠳᠤ ᠰᠢᠯᠢᠳᠡᠭ ᠪᠥᠭᠡᠳ ᠳᠥᠭᠥᠮ ᠳᠥᠲᠡ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠡᠳ᠋ᠯᠡᠭᠦᠯᠵᠦ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


    ᠱᠠᠨᠳᠦ᠋ᠩ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠱᠠᠨᠳᠦ᠋ᠡᠭ ᠮᠤᠵᠢ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠵᠡᠷᠭᠡ 13 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠨᠠᠰᠤᠲᠠᠢ᠌ᠴᠤᠳ᠎ᠤᠨ ᠤᠩᠰᠢᠯᠭ᠎ᠠ ᠵᠢᠨ ᠠᠵᠢᠯ᠎ᠢ ᠠᠬᠢᠭᠤᠯᠬᠤ ᠠᠷᠭ᠎ᠠ》᠎ᠢ ᠳᠠᠷᠤᠮᠠᠯᠯᠠᠨ ᠲᠠᠷᠬᠠᠭ᠋ᠠᠪᠠ᠃ ᠠᠷᠭ᠎ᠠ ᠎ᠳᠤ 《ᠡᠯᠪᠡᠷᠢᠯᠳᠤ ᠨᠢᠬᠦᠯᠡᠰᠤᠡᠭᠬᠦᠢ ᠱᠠᠨᠳᠦ᠋ᠡᠭ᠂ ᠤᠡᠭᠰᠢᠵᠤ ᠵᠢᠷᠭ᠋ᠠᠬᠤ ᠦᠳᠡᠯᠤᠬᠡ ᠨᠠᠰᠤ》 ᠬᠡᠬᠦ ᠪᠥᠬᠥ ᠮᠤᠵᠢ ᠵᠢᠨ ᠨᠠᠰᠤᠲᠠᠢ᠌ᠴᠤᠳ᠎ᠤᠨ ᠤᠩᠰᠢᠯᠭ᠎ᠠ ᠵᠢᠨ ᠶᠡᠷᠦᠩᠬᠡᠢ ᠨᠠᠷᠠᠲᠤ ᠲᠡᠮᠳᠡᠭᠲᠦ ᠵᠢ ᠪᠣᠶ ᠪᠣᠯᠭ᠋ᠠᠵᠤ᠂ 《  ᠪᠤᠭᠤᠷᠤᠯᠴᠤᠳ᠎ᠢ ᠤᠡᠭᠰᠢᠯᠭ᠎ᠠ᠎ᠳᠤ ᠳᠠᠭ᠋ᠠᠭᠤᠯᠬᠤ》 ᠲᠥᠯᠥᠪᠯᠡᠭᠡ᠂ 《ᠨᠠᠰᠤᠳᠠᠳ ᠬᠡᠤᠬᠡᠳ ᠭᠠᠷ ᠬᠣᠯᠪᠣᠯᠴᠠᠨ ᠨᠣᠮ ᠤᠩᠰᠢᠬᠤ》 ᠠᠵᠢᠯᠯᠠᠭ᠎ᠠ ᠵᠡᠷᠭᠡ ᠣᠨᠴᠠᠯᠢᠭᠲᠤ ᠲᠥᠷᠥᠯ ᠵᠦᠢ᠍ᠯ᠎ᠢ ᠢᠵᠢ ᠪᠦᠷᠢᠳᠦᠭᠦᠯᠦᠨ ᠬᠡᠷᠡᠭᠵᠢᠭᠦᠯᠵᠦ᠂ 《ᠶᠡᠷᠦᠩᠬᠡᠢ ᠨᠠᠷᠠᠲᠤ ᠲᠡᠮᠳᠡᠭᠲᠦ + ᠬᠤᠪᠢᠶᠠᠷᠢ ᠲᠥᠷᠥᠯ ᠵᠦᠢ᠍ᠯ》᠎ᠤᠨ ᠵᠢᠭᠰᠠᠭ᠋ᠠᠯ᠎ᠤᠨ ᠬᠡᠯᠪᠡᠷᠢ ᠵᠢᠨ ᠨᠠᠷᠠᠲᠤ ᠲᠡᠮᠳᠡᠭᠲᠦ ᠵᠢᠨ ᠰᠢᠰᠲ᠋ᠧᠮ᠎ᠢ ᠡᠭᠦᠳᠦᠨ ᠨᠠᠰᠤᠲᠠᠢ᠌ᠴᠤᠳ᠎ᠤᠨ ᠤᠩᠰᠢᠯᠭ᠎ᠠ ᠵᠢ ᠭᠡᠷ ᠪᠦᠯᠢ ᠵᠢᠨ ᠬᠥᠮᠦᠵᠢᠯ᠂ ᠦᠶ᠎ᠡ ᠵᠢᠨ ᠬᠣᠭᠣᠷᠣᠨᠳᠤ᠎ᠪᠠᠨ ᠠᠭᠤᠰᠤᠯᠴᠠᠭᠤᠯᠤᠨ ᠭᠦᠨᠵᠡᠭᠡᠢ ᠤᠶᠠᠯᠳᠤᠭᠤᠯᠬᠤ ᠵᠢ ᠠᠬᠢᠭᠤᠯᠤᠨ᠎ᠠ ᠭᠡᠵᠦ ᠲᠤᠷᠠᠳᠤᠬᠰᠠᠨ᠎ᠠᠴᠠ ᠭᠠᠳᠠᠨ᠎ᠠ᠂ ᠪᠢᠴᠢᠭ ᠮᠠᠲ᠋ᠧᠷᠢᠶᠠᠯ᠎ᠳᠤ ᠨᠠᠰᠤᠲᠠᠢ᠌ᠴᠤᠳ᠎ᠤᠨ ᠤᠩᠰᠢᠯᠭ᠎ᠠ ᠵᠢ ᠪᠥᠬᠥ ᠮᠤᠵᠢ ᠵᠢᠨ ᠨᠠᠰᠤᠲᠠᠢ᠌ᠴᠤᠳ᠎ᠤᠨ ᠠᠵᠢᠯ᠎ᠤᠨ ᠭᠣᠣᠯᠳᠠᠯᠭ᠎ᠠ᠎ᠲᠠᠢ ᠡᠭᠦᠷᠭᠡ᠎ᠳᠤ ᠣᠷᠣᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠨ ᠠᠬᠢᠭᠤᠯᠬᠤ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠢᠯᠡᠷᠡᠯ ᠲᠣᠪᠣᠢ᠌ᠮ᠎ᠠ ᠨᠢᠬᠡᠴᠢ ᠪᠠ ᠬᠤᠪᠢ ᠬᠥᠮᠥᠨ᠎ᠢ ᠰᠠᠢ᠌ᠰᠢᠶᠠᠨ ᠵᠣᠷᠢᠭᠵᠢᠭᠤᠯᠵᠤ᠂ ᠨᠠᠰᠤᠲᠠᠢ᠌ᠴᠤᠳ᠎ᠲᠤ 《ᠪᠢᠴᠢᠭ᠎ᠤᠨ ᠰᠤᠷᠪᠤᠯᠵᠢᠯᠳᠤ ᠱᠠᠨᠳᠦ᠋ᠩ》 ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ᠎ᠪᠠᠷ ᠵᠣᠷᠢᠯᠭ᠎ᠠ ᠪᠣᠯᠭ᠋ᠠᠭᠰᠠᠨ ᠪᠠᠢ᠌ᠨ᠎ᠠ ᠭᠡᠵᠦ ᠲᠣᠳᠣᠷᠬᠠᠢ ᠲᠣᠭᠲᠠᠭ᠋ᠠᠵᠠᠢ᠃


 

    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.15
ᠶᠡᠬᠡ ᠬᠠᠢ᠌ᠷ᠎ᠠ ᠵᠢᠨ ᠤᠮᠠᠷᠠᠳᠤ ᠬᠢᠯᠢ᠂ ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠶ᠎ᠠ — ᠬᠡᠤᠬᠡᠳ᠎ᠤᠨ ᠠᠵᠢᠯ᠎ᠤᠨ ᠬᠠᠮᠤᠭ᠎ᠤᠨ ᠰᠤᠳᠤᠨ ᠡᠷᠬᠢᠯᠡᠭᠴᠢ ᠵᠠᠡᠭ ᠽᠸ ᠳ᠋ᠦᠡᠭ ᠬᠠᠢ᠌ᠷ᠎ᠠ᠎ᠪᠠᠷ ᠬᠡᠤᠬᠡᠳ᠎ᠢ ᠬᠠᠮᠠᠭ᠋ᠠᠯᠠᠨ ᠪᠤᠳᠠᠳᠤ ᠠᠵᠢᠯᠯᠠᠭ᠎ᠠ᠎ᠪᠠᠷ ᠵᠶ᠋ᠠᠨ ᠬᠠᠷᠢᠭᠤᠴᠠᠯᠭ᠎ᠠ ᠡᠭᠦᠷᠭᠡᠯᠡᠯ᠎ᠢ ᠲᠠᠢ᠌ᠯᠪᠤᠷᠢᠯᠠᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.19
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 7 ᠨᠢᠬᠡᠴᠢ ᠵᠢᠨ᠎ᠬᠢᠨ ᠎ᠲᠠᠢ ᠬᠠᠮᠲᠤᠷᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠣᠶᠤᠲᠠᠳ᠎ᠲᠤ ᠠᠵᠢᠯ ᠤᠯᠭᠤᠵᠤ ᠠᠵᠢᠯᠲᠠᠨ ᠡᠯᠰᠡᠬᠦ᠎ᠳᠤ ᠬᠦᠴᠤᠨ ᠨᠡᠮᠡᠷᠢᠯᠡᠬᠦ ᠠᠵᠢᠯᠯᠠᠭ᠎ᠠ ᠦᠷᠨᠢᠬᠦᠯᠪᠡ
 
            