ᠴᠢᠬᠤᠯᠠ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠵᠢᠯ᠎ᠢ ᠤᠯᠠᠮ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠳᠤ ᠬᠡᠦᠬᠡᠳ᠎ᠢ ᠤᠷᠢᠳ ᠵᠶ᠋ᠡᠷ ᠬᠥᠭᠵᠢᠭᠦᠯᠬᠦ ᠪᠠ ᠬᠡᠦᠬᠡᠳ᠎ᠲᠤ ᠬᠠᠮᠤᠭ᠎ᠤᠨ ᠠᠰᠢᠭᠲᠠᠢ ᠪᠠᠢ᠌ᠯᠭ᠋ᠠᠬᠤ ᠵᠠᠷᠴᠢᠮ᠎ᠢ ᠪᠠᠷᠢᠮᠲᠠᠯᠠᠵᠤ᠂ ᠦᠨᠳᠦᠰᠦᠨ ᠪᠠᠳᠤᠯᠠᠭ᠎ᠠ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠡᠷᠬᠡ ᠠᠰᠢᠭ᠎ᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ ᠠᠵᠢᠯ᠎ᠤᠨ ᠰᠡᠳᠬᠢᠮᠵᠢ ᠶᠣᠰᠣᠭ᠋ᠠᠷ ᠰᠢᠨᠵᠢᠯᠡᠬᠦ ᠤᠬᠠᠭ᠋ᠠᠨᠴᠢ᠎ᠪᠠᠷ ᠲᠥᠷᠥᠯ ᠬᠤᠪᠢᠶᠠᠬᠤ ᠠᠵᠢᠯ᠎ᠢ ᠴᠢᠩᠭ᠋ᠠᠳᠬᠠᠵᠤ᠂ ᠨᠠᠷᠢᠯᠢᠭ ᠣᠨᠣᠴᠠᠲᠠᠢ᠎ᠪᠠᠷ ᠢᠯᠭ᠋ᠠᠨ ᠲᠠᠨᠢᠬᠤ ᠵᠢ ᠴᠢᠩᠭ᠋ᠠᠳᠬᠠᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ ᠭᠡᠵᠤ ᠲᠤᠷᠠᠳᠴᠠᠢ᠃
ᠨᠠᠰᠤᠲᠠᠢ᠌ᠴᠤᠳ᠎ᠤᠨ ᠠᠵᠢᠯ
ᠣᠷᠳᠣᠰ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠦᠪᠯᠡᠯ᠎ᠤᠨ᠎ᠬᠢᠨ ᠤᠷᠴᠢᠮ᠎ᠳᠤ 11 ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠣᠷᠳᠣᠰ ᠬᠣᠲᠠ ᠵᠢᠨ ᠰᠢᠨ᠎ᠡ ᠴᠠᠭ ᠦᠶ᠎ᠡ ᠵᠢᠨ 〈ᠪᠤᠭᠤᠷᠤᠯᠴᠤᠳ᠎ᠤᠨ ᠣᠨ᠎ᠤ ᠠᠵᠢᠯᠯᠠᠭ᠎ᠠ〉 ᠵᠢ ᠭᠦᠨᠵᠡᠭᠡᠢ ᠥᠷᠨᠢᠭᠦᠯᠬᠦ ᠰᠠᠯᠠᠭ᠎ᠠ ᠮᠥᠴᠢᠷ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠲᠠᠪᠴᠠᠩ᠎ᠢ ᠪᠠᠶ᠋ᠢᠭᠤᠯᠬᠤ᠂ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠬᠤ᠂ ᠬᠠᠩᠭ᠋ᠠᠯᠭ᠎ᠠ ᠵᠢᠨ ᠵᠠᠭᠪᠤᠷ᠎ᠤᠨ ᠰᠢᠨ᠎ᠡ ᠵᠢ ᠡᠭᠦᠳᠬᠦ 3 ᠭᠣᠣᠯᠳᠠᠯᠭ᠎ᠠ᠎ᠲᠠᠢ ᠡᠭᠦᠷᠭᠡ ᠵᠢ ᠪᠦᠬᠦ ᠲᠠᠯ᠎ᠠ᠎ᠪᠠᠷ ᠪᠠᠢ᠌ᠷᠢᠯᠠᠭᠤᠯᠵᠤ᠂ 《ᠤᠮᠠᠷᠠᠲᠤ ᠵᠢᠨ ᠪᠤᠭᠤᠷᠤᠯᠴᠤᠳ᠎ᠤᠨ ᠦᠢ᠍ᠯᠡᠰ᠂ ᠦᠶᠦᠭ ᠲᠤᠯᠠᠭ᠋ᠠᠨ ᠬᠤᠳᠠ ᠵᠢᠨ᠎ᠬᠢᠨ᠎ᠤ ᠠᠰᠠᠷᠠᠮᠵᠢ》᠎ᠪᠠᠷ ᠡᠷᠡᠭᠦᠯ ᠮᠡᠨᠳᠤ ᠵᠢᠨ ᠠᠶᠠᠯᠠᠯ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠶᠠᠯᠠᠯ᠂ ᠬᠠᠤᠯᠢ ᠴᠠᠭ᠋ᠠᠵᠠ ᠵᠢᠨ ᠡᠷᠬᠡ ᠠᠰᠢᠭ᠎ᠢ ᠬᠠᠮᠠᠭ᠋ᠠᠯᠠᠬᠤ ᠠᠶᠠᠯᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠶᠠᠯᠠᠯ᠂ ᠦᠨᠳᠦᠰᠦᠨ ᠱᠠᠲᠤᠨ᠎ᠤ ᠵᠠᠰᠠᠯᠲᠠ ᠵᠢᠨ ᠠᠶᠠᠯᠠᠯ᠂ ᠬᠤᠪᠢᠰᠬᠠᠯ᠎ᠤᠨ ᠬᠥᠮᠦᠵᠢᠯ᠎ᠢ ᠤᠯᠠᠮᠵᠢᠯᠠᠨ ᠵᠠᠯᠭ᠋ᠠᠮᠵᠢᠯᠠᠬᠤ ᠠᠶᠠᠯᠠᠯ᠂ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠠᠶᠠᠯᠠᠯ ᠵᠡᠷᠭᠡ 7 ᠶᠡᠬᠡ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠨᠠᠷᠢᠯᠢᠭᠵᠢᠭᠤᠯᠵᠤ 《ᠪᠤᠭᠤᠷᠤᠯᠴᠤᠳ᠎ᠤᠨ ᠠᠵᠢᠯᠯᠠᠭ᠎ᠠ》 ᠵᠢᠨ ᠬᠡᠪᠴᠢᠶ᠎ᠡ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ᠎ᠢ ᠠᠬᠢᠭᠤᠯᠵᠤ᠂ ᠥᠲᠡᠯᠪᠡᠯ ᠬᠢᠬᠦ ᠶᠠᠭᠤᠮ᠎ᠠ᠎ᠲᠠᠢ᠂ ᠦᠳᠡᠯᠤᠬᠡ ᠨᠠᠰᠤᠨ᠎ᠤ ᠬᠡᠷᠡᠯ ᠬᠢᠯᠪᠠᠭ᠎ᠠ᠎ᠪᠠᠨ ᠰᠠᠴᠤᠷᠠᠭᠤᠯᠵᠤ ᠪᠣᠯᠬᠤ ᠵᠢ ᠪᠡᠶᠡᠯᠡᠭᠦᠯᠬᠦ᠎ᠳᠤ ᠬᠦᠴᠦ ᠨᠡᠮᠡᠷᠢᠯᠡᠵᠤ ᠪᠠᠢ᠌ᠨ᠎ᠠ᠃
ᠨᠠᠰᠤᠵᠢᠯ᠎ᠤᠨ ᠦᠢ᠍ᠯᠡᠴᠢᠯᠡᠭᠡ
《ᠵᠣᠯ ᠵᠢᠷᠭ᠋ᠠᠯᠲᠤ ᠪᠤᠭᠤᠲᠤ ᠬᠣᠲᠠ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠠᠬᠢᠭᠤᠯᠬᠤ ᠵᠢᠨ ᠲᠥᠯᠥᠭᠡ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2025 ᠣᠨ᠎ᠤ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ 《ᠰᠢᠨ᠎ᠡ ᠵᠢ ᠡᠭᠦᠳᠬᠦ》 ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠵᠤ᠂ ᠬᠣᠶᠠᠳᠤᠭ᠋ᠠᠷ ᠬᠤᠭᠤᠴᠠᠭ᠋ᠠᠨ᠎ᠤ 《ᠲᠠᠨ᠎ᠤ ᠵᠣᠯ ᠵᠢᠷᠭ᠋ᠠᠯᠲᠤ ᠨᠠᠰᠤᠵᠢᠯᠲᠠ᠎ᠳᠤ ᠲᠣᠬᠢᠷᠠᠬᠤ ᠣᠷᠣᠨ ᠰᠠᠭᠤᠴᠠ》 ᠵᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠤ 《ᠲᠠᠪᠤ᠎ᠳᠤ ᠣᠷᠣᠭᠤᠯᠬᠤ》 ᠠᠵᠢᠯᠯᠠᠭ᠎ᠠ (ᠨᠡᠢ᠌ᠭᠡᠮ ᠲᠣᠭᠣᠷᠢᠭ᠂ ᠪᠠᠢ᠌ᠭᠤᠯᠭ᠎ᠠ᠂ ᠠᠵᠤ ᠠᠬᠤᠢ᠌ᠯᠠᠯ᠂ ᠬᠤᠳᠠᠯᠳᠤᠭ᠋ᠠᠨ᠎ᠤ ᠲᠠᠯᠠᠪᠤᠷ᠂ ᠵᠢᠭᠤᠯᠴᠢᠯᠠᠯ᠎ᠤᠨ ᠦᠵᠡᠮᠵᠢ ᠵᠢᠨ ᠭᠠᠵᠠᠷ) ᠵᠢ ᠵᠡᠷᠬᠡ᠎ᠪᠠᠷ ᠡᠬᠢᠯᠡᠭᠦᠯᠪᠡ᠃ ᠠᠵᠢᠯᠯᠠᠭ᠎ᠠ᠎ᠨᠢ ᠲᠤᠬᠠᠢ ᠵᠢᠨ ᠲᠠᠯᠠᠪᠤᠷ᠎ᠲᠤ ᠪᠡᠶᠡᠴᠢᠯᠡᠨ ᠣᠢ᠌ᠯᠠᠭ᠋ᠠᠬᠤ᠎ᠪᠠᠷ ᠳᠡᠮᠵᠢᠨ ᠨᠠᠰᠤᠲᠠᠢ᠌ᠴᠤᠳ ᠪᠠ ᠨᠠᠰᠤᠳᠠᠢ᠌ᠴᠤᠳ᠎ᠤᠨ ᠭᠡᠷ ᠪᠦᠯᠢ ᠵᠢᠨ᠎ᠬᠢᠨ᠎ᠢ ᠬᠠᠪᠰᠤᠷᠤᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠳᠠᠪᠠᠭᠤᠯᠢᠭ᠎ᠢ ᠰᠢᠭᠤᠳ ᠣᠢ᠌ᠯᠠᠭ᠋ᠠᠭᠤᠯᠵᠤ᠂ ᠲᠣᠬᠢᠷᠠᠭᠤᠯᠤᠭᠰᠠᠨ ᠦᠢ᠍ᠯᠡᠳᠬᠦᠨ᠎ᠢ ᠨᠠᠷᠢᠯᠢᠭ ᠣᠨᠣᠴᠠᠲᠠᠢ᠎ᠪᠠᠷ ᠰᠣᠩᠭᠣᠨ ᠬᠤᠳᠠᠯᠳᠤᠨ ᠠᠪᠴᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠬᠥ ᠬᠡᠯᠬᠢᠶᠡᠵᠢᠭᠰᠡᠨ᠂ ᠦᠷᠳᠡᠬᠡᠴᠢᠯᠡᠭᠰᠡᠨ ᠰᠢᠰᠲ᠋ᠧᠮ᠎ᠢ ᠪᠠᠶ᠋ᠢᠭᠤᠯᠬᠤ ᠠᠵᠢᠯ᠎ᠢ ᠠᠬᠢᠭᠤᠯᠵᠤ᠂ ᠨᠠᠰᠤᠲᠠᠢ᠌ᠴᠤᠳ᠎ᠤᠨ ᠭᠡᠷ᠎ᠤᠨ ᠠᠮᠢᠳᠤᠷᠠᠯ᠎ᠤᠨ ᠠᠮᠤᠷ ᠲᠦᠪᠰᠢᠨ ᠴᠢᠨᠠᠷ ᠪᠠ ᠳᠥᠭᠥᠮ ᠳᠥᠲᠡ ᠴᠢᠨᠠᠷ᠎ᠢ ᠦᠨᠡᠨ ᠬᠦ᠌ ᠳᠡᠭᠡᠭᠰᠢᠯᠡᠭᠦᠯᠦᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠪᠥᠭᠡᠳ ᠲᠡᠵᠢᠭᠡᠬᠦ᠎ᠳᠤ ᠲᠣᠬᠢᠷᠠᠮᠵᠢᠲᠠᠢ ᠵᠣᠯ ᠵᠢᠷᠭ᠋ᠠᠯᠲᠤ ᠪᠤᠭᠤᠳᠤ ᠬᠣᠲᠠ ᠵᠢ ᠪᠠᠶ᠋ᠢᠭᠤᠯᠬᠤ᠎ᠳᠤ ᠬᠦᠴᠦᠨ ᠨᠡᠮᠡᠷᠢᠯᠡᠪᠡ᠃
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠣᠶᠤᠨᠴᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ 《ᠤᠯᠠᠭ᠋ᠠᠨᠴᠠᠪ᠎ᠤᠨ ᠣᠶᠤᠨᠴᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠪᠴᠠᠩ》᠎ᠢ ᠪᠣᠶ ᠪᠣᠯᠭ᠋ᠠᠪᠠ᠃ ᠡᠳ᠋ ᠪᠠᠷᠠᠭ᠋ᠠᠨ᠎ᠤ ᠮᠡᠳᠡᠭᠡ ᠵᠠᠩᠭᠢ ᠵᠢᠨ ᠰᠦᠯᠵᠢᠶ᠎ᠡ᠂ ᠲᠣᠮᠣ ᠳ᠋ᠠᠢ᠌ᠲ᠋ᠠ᠂ ᠣᠶᠤᠨᠲᠤ ᠵᠥᠭᠡᠯᠡᠨ ᠬᠠᠲᠠᠭᠤ ᠲᠣᠨᠣᠭ ᠵᠡᠷᠭᠡ ᠮᠡᠷᠭᠡᠵᠢᠯ᠎ᠳᠤ ᠲᠦᠰᠢᠭᠯᠡᠨ᠂ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠤᠨ ᠬᠥᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠪᠡᠯᠡᠳᠬᠡᠮᠵᠢ ᠵᠢᠨ ᠢᠳᠡᠭᠡᠨ᠎ᠤ ᠠᠮᠤᠷ ᠲᠦᠪᠰᠢᠨ᠂ ᠭᠠᠯ ᠤᠨᠲᠠᠷᠠᠭ᠋ᠠᠬᠤ ᠪᠠ ᠦᠢ᠍ᠯᠡᠴᠢᠯᠡᠭᠡᠨ᠎ᠤ ᠠᠶᠤᠯ ᠦᠬᠡᠢ ᠵᠢᠨ ᠠᠵᠢᠯ᠎ᠢ ᠴᠠᠭ ᠲᠤᠬᠠᠢᠳᠤᠨᠢ ᠬᠢᠨᠠᠨ ᠬᠠᠮᠢᠶᠠᠷᠴᠤ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠭᠡᠷ᠎ᠲᠤ᠎ᠨᠢ ᠣᠴᠢᠵᠤ ᠠᠰᠠᠷᠠᠬᠤ ᠦᠢ᠍ᠯᠡᠴᠢᠯᠡᠭᠡᠨ᠎ᠤ ᠪᠥᠬᠥ ᠶᠠᠪᠤᠴᠠ᠎ᠪᠠᠷ ᠮᠥᠷᠳᠡᠵᠦ᠂ ᠭᠡᠷ᠎ᠲᠤ᠎ᠨᠢ ᠬᠦᠷᠴᠤ ᠠᠰᠠᠷᠠᠬᠤ ᠨᠡᠢ᠌ᠬᠡᠮ ᠲᠤᠭᠤᠷᠢᠭ᠎ᠤᠨ ᠨᠠᠰᠤᠵᠢᠯ᠎ᠤᠨ ᠠᠰᠠᠷᠠᠮᠵᠢ ᠵᠢᠨ ᠲᠠᠪᠴᠠᠩ᠎ᠨᠢ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠡᠢ᠌ᠯᠡᠭᠦᠯᠵᠦ᠂ ᠬᠢᠨᠠᠨ ᠬᠠᠮᠢᠶᠠᠷᠬᠤ ᠲᠣᠭᠲᠠᠴᠠ ᠵᠢ ᠰᠢᠯᠢᠳᠡᠭᠵᠢᠭᠦᠯᠦᠨ᠂ ᠨᠠᠰᠤᠲᠠᠢ᠌ᠴᠤᠳ᠎ᠲᠤ ᠨᠠᠩ ᠳᠥᠭᠥᠮ ᠳᠥᠲᠡ᠂ ᠠᠮᠤᠷ ᠲᠦᠪᠰᠢᠨ᠂ ᠴᠢᠨᠠᠷᠵᠢᠭᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭ᠋ᠠᠴᠢᠯᠠᠭᠰᠠᠨ ᠬᠡᠯᠪᠡᠷᠢ᠎ᠪᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠡᠢ᠃
ᠬᠡᠦᠬᠡᠳ᠎ᠤᠨ ᠠᠰᠠᠷᠠᠮᠵᠢ
ᠬᠥᠯᠥᠨ ᠪᠣᠶ᠋ᠢᠷ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ ᠬᠦᠯᠤᠨ ᠪᠤᠢ᠌ᠷ ᠬᠣᠲᠠ ᠵᠢᠨ ᠳᠥᠷᠪᠡᠳᠦᠭᠡᠷ ᠠᠷᠠᠳ᠎ᠤᠨ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠡᠮᠴᠢᠯᠡᠭᠡᠨ᠎ᠤ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ᠂ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡ᠂ ᠬᠢᠲᠠᠳ ᠡᠮᠨᠡᠯᠭᠡ ᠵᠢᠨ ᠲᠣᠬᠢᠷᠠᠭᠤᠯᠤᠯᠲᠠ ᠪᠠ ᠡᠷᠡᠭᠦᠯᠵᠢᠭᠦᠯᠬᠦ ᠡᠮᠴᠢᠯᠡᠭᠡ ᠵᠡᠷᠭᠡ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠲᠤᠰᠬᠠᠢ᠌ᠵᠢᠭᠰᠠᠨ᠂ ᠥᠪᠡᠷᠮᠢᠴᠡ ᠡᠷᠡᠭᠦᠯ ᠮᠡᠨᠳᠦ ᠵᠢᠨ ᠪᠠᠲᠤᠯᠠᠭ᠎ᠠ ᠵᠢᠨ ᠲᠥᠰᠥᠯ᠎ᠢ ᠪᠡᠶ᠎ᠡ ᠵᠢᠨ ᠪᠠᠢ᠌ᠳᠠᠯᠳᠤᠨᠢ ᠲᠣᠬᠢᠷᠠᠭᠤᠯᠤᠨ ᠲᠣᠭᠲᠠᠭ᠋ᠠᠪᠠ᠃ ᠲᠣᠰ ᠬᠠᠮᠲᠤᠷᠠᠯᠴᠠᠭ᠎ᠠ ᠪᠣᠯ ᠠᠰᠠᠷᠠᠮᠵᠢ ᠵᠢᠨ ᠬᠦᠷᠢᠶᠡᠯᠡᠩ᠎ᠤᠨ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠴᠢᠬᠤᠯᠠ ᠰᠢᠪᠲᠤᠯᠤᠯᠲᠠ ᠮᠥᠨ᠂ ᠪᠠᠰᠠ ᠴᠤ᠌ ᠥᠨᠥᠴᠢᠨ ᠵᠡᠮᠳᠡᠭ ᠬᠡᠦᠬᠡᠳ᠎ᠤᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠬᠦᠯᠳᠡᠷᠵᠢᠬᠦᠯᠬᠦ ᠵᠠᠩᠭᠢᠯᠠᠭ᠎ᠠ ᠵᠢᠨ ᠠᠷᠭ᠎ᠠ ᠮᠥᠨ᠃ ᠬᠣᠶᠠᠷ ᠲᠠᠯ᠎ᠠ᠎ᠪᠠᠷ ᠵᠶ᠋ᠠᠨ ᠢᠷᠡᠭᠡᠳᠦᠢ᠎ᠳᠤ ᠬᠠᠮᠲᠤᠷᠠᠯᠴᠠᠭ᠋ᠠᠨ᠎ᠤ ᠵᠠᠭᠪᠤᠷ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ ᠥᠨᠥᠴᠢᠨ ᠵᠡᠮᠳᠡᠭ ᠬᠡᠦᠬᠡᠳ᠎ᠤᠨ ᠡᠷᠡᠭᠦᠯ ᠦᠰᠦᠨ ᠪᠤᠢ᠌ᠵᠢᠯᠳᠠ᠎ᠳᠤ ᠪᠡᠬᠢ ᠬᠠᠯᠬᠠᠪᠴᠢ ᠪᠠᠢ᠌ᠭᠤᠯᠤᠬᠰᠠᠨ ᠪᠠᠢ᠌ᠨ᠎ᠠ᠃