ᠵᠠᠩ ᠽᠸ ᠳ᠋ᠦᠩ ᠪᠣᠯ ᠬᠥᠬᠡᠬᠣᠲᠠ ᠵᠢᠨ ᠲᠦᠮᠡᠳ ᠵᠡᠭᠦᠨ ᠬᠣᠰᠢᠭᠤᠨ᠎ᠤ ᠴᠠᠭ᠋ᠠᠰᠤᠴᠢ ᠪᠠᠯᠭ᠋ᠠᠰᠤᠨ᠎ᠤ ᠲᠠᠪᠤᠨᠰᠠᠢ᠌ᠨ ᠨᠡᠢ᠌ᠭᠡᠮ ᠲᠣᠭᠣᠷᠢᠭ᠎ᠤᠨ ᠬᠡᠦᠬᠡᠳ᠎ᠤᠨ ᠠᠵᠢᠯ᠎ᠤᠨ ᠡᠷᠬᠢᠯᠡᠭᠴᠢ ᠪᠣᠯᠣᠨ᠎ᠠ᠂ ᠬᠠᠷᠢᠶ᠎ᠠ ᠲᠣᠭᠣᠷᠢᠭ᠎ᠲᠤ᠎ᠨᠢ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠬᠦᠷᠳᠡᠭᠴᠢ ᠡᠷᠦᠬᠡ ᠲᠥᠪᠯᠡᠷᠡᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠲᠣᠭ᠎ᠠ ᠤᠯᠠᠨ ᠪᠠᠢ᠌ᠭ᠎ᠠ ᠪᠠᠢ᠌ᠳᠠᠯ᠎ᠤᠨ ᠡᠮᠦᠨ᠋ ᠡᠭᠦᠷᠭᠡ ᠬᠠᠷᠢᠭᠤᠴᠠᠯᠭ᠎ᠠ᠎ᠪᠠᠨ ᠠᠯᠴᠢᠮ ᠵᠶ᠋ᠡᠷ ᠵᠶ᠋ᠡᠨ ᠦᠨᠡᠨ ᠰᠡᠳᠬᠢᠯᠭᠡ᠎ᠪᠠᠷ ᠵᠶ᠋ᠡᠨ ᠬᠡᠦᠬᠡᠳ᠎ᠤᠨ ᠰᠡᠳᠬᠢᠯ᠎ᠢ ᠳᠤᠯᠠᠭ᠋ᠠᠴᠠᠭᠤᠯᠵᠤ᠂ ᠨᠡᠢ᠌ᠭᠡᠮ ᠲᠣᠭᠣᠷᠢᠭ᠎ᠤᠨ ᠬᠡᠦᠬᠡᠳ᠎ᠤᠨ ᠰᠡᠳᠬᠢᠯ᠎ᠳᠠᠬᠢ ᠬᠠᠮᠤᠭ᠎ᠤᠨ ᠢᠲᠡᠭᠡᠯᠲᠡᠢ 《ᠵᠠᠩ ᠠᠪᠠᠭ᠎ᠠ》 ᠪᠣᠯᠵᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠠᠵᠢᠯᠲᠠᠳ᠎ᠤᠨ ᠰᠡᠳᠬᠢᠯ ᠬᠥᠳᠡᠯᠭᠡᠮ᠎ᠡ ᠬᠠᠭᠤᠳᠠᠰᠤ ᠵᠢ ᠪᠣᠳᠠᠲᠤ ᠠᠵᠢᠯᠯᠠᠭ᠎ᠠ᠎ᠪᠠᠷ ᠵᠶ᠋ᠠᠨ ᠪᠢᠴᠢᠭᠯᠡᠵᠡᠢ᠃
ᠨᠡᠢ᠌ᠭᠡᠮ ᠲᠣᠭᠣᠷᠢᠭ᠎ᠲᠤ ᠦᠨᠳᠦᠰᠦᠯᠡᠵᠦ ᠬᠠᠷᠢᠭᠤᠴᠠᠯᠭ᠎ᠠ ᠵᠢ ᠠᠯᠴᠢᠮ ᠵᠶ᠋ᠡᠷ ᠵᠶ᠋ᠡᠨ ᠬᠡᠮᠵᠢᠪᠡ
ᠲᠠᠪᠤᠨᠰᠠᠢ᠌ᠨ ᠨᠡᠢ᠌ᠭᠡᠮ ᠲᠣᠭᠣᠷᠢᠭ᠎ᠤᠨ ᠬᠠᠷᠢᠶ᠎ᠠ ᠣᠷᠣᠨ᠎ᠤ ᠲᠠᠯᠠᠪᠠᠢ ᠶᠡᠬᠡ᠂ ᠬᠥᠮᠥᠨ ᠠᠮᠠ ᠵᠢᠨ ᠪᠦᠲᠦᠴᠡ ᠪᠤᠳᠤᠯᠢᠶᠠᠨᠲᠠᠢ᠂ ᠬᠠᠭᠤᠴᠢᠨ ᠬᠤᠷᠢᠶᠠᠯᠠᠯ᠎ᠤᠨ ᠰᠠᠭᠤᠷᠢ ᠲᠥᠬᠦᠭᠡᠷᠦᠮᠵᠢ ᠪᠠᠭᠤᠷᠠᠢ᠂ ᠪᠠᠢ᠌ᠰᠢᠩ ᠤᠨ ᠨᠥᠬᠥᠴᠡᠯ ᠮᠠᠭᠤ᠂ ᠨᠡᠶ᠋ᠢᠲᠡ ᠵᠢᠨ ᠲᠦᠷᠢᠶᠡᠰᠦᠨ ᠭᠡᠷ ᠪᠣᠯᠣᠨ ᠬᠢᠮᠳᠠ ᠲᠦᠷᠢᠶᠡᠰᠦᠨ ᠭᠡᠷ᠎ᠲᠤ ᠲᠥᠪᠬᠢᠨᠡᠭᠦᠯᠦᠭᠰᠡᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠬᠦᠷᠳᠡᠭᠴᠢ ᠭᠡᠷ ᠪᠦᠯᠢ ᠵᠢᠨ ᠤᠯᠠᠨ ᠶᠤᠮ᠃ ᠨᠡᠢ᠌ᠭᠡᠮ ᠲᠣᠭᠣᠷᠢᠭ᠎ᠲᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠥᠷᠳᠡᠵᠦ ᠪᠠᠢ᠌ᠭ᠎ᠠ ᠭᠡᠷ ᠪᠦᠯᠢ ᠵᠢᠨ ᠬᠡᠦᠬᠡᠳ ᠨᠡᠯᠢᠶᠡᠳ ᠣᠯᠠᠨ ᠪᠦᠬᠡᠳ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠵᠡᠮᠳᠡᠭ ᠬᠡᠦᠬᠡᠳ᠂ ᠥᠨᠥᠴᠢᠨ ᠥᠷᠥᠭᠡᠰᠦᠨ ᠬᠡᠦᠬᠡᠳ ᠵᠡᠷᠭᠡ ᠬᠦᠴᠢᠷᠳᠡᠯ᠎ᠳᠤ ᠲᠤᠯᠭ᠋ᠠᠷᠠᠭᠰᠠᠨ ᠬᠡᠤᠬᠡᠳ ᠴᠦ᠍ ᠤᠯᠠᠨ ᠪᠠᠢ᠌ᠳᠠᠯ ᠳᠤ ᠰᠠᠶᠢᠬᠠᠨ ᠲᠤᠰᠢᠶᠠᠯ᠎ᠳᠤ ᠭᠠᠷᠤᠭᠰᠠᠨ ᠬᠡᠦᠬᠡᠳ᠎ᠤᠨ ᠠᠵᠢᠯ᠎ᠤᠨ ᠡᠷᠬᠢᠯᠡᠭᠴᠢ ᠵᠠᠩ ᠽᠧ ᠳ᠋ᠦᠩ ᠦᠨᠡᠨ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ᠂ ᠨᠠᠷᠢᠯᠢᠭ ᠣᠨᠣᠴᠠᠲᠠᠢ᠎ᠪᠠᠷ ᠲᠥᠷᠥ ᠵᠢᠨ ᠪᠣᠳᠣᠯᠭ᠎ᠠ ᠬᠡᠷᠡᠭᠵᠢᠭᠦᠯᠪᠡᠯ ᠰᠠᠶᠢ ᠲᠥᠷᠥ ᠵᠢᠨ ᠪᠣᠳᠣᠯᠭ᠎ᠠ᠎ᠪᠠᠷ ᠬᠠᠪᠰᠤᠷᠤᠯᠭ᠎ᠠ ᠴᠢᠬᠤᠯᠠᠲᠠᠢ ᠬᠡᠦᠬᠡᠳ ᠪᠤᠯᠭ᠋ᠠᠨ᠎ᠳᠤ ᠠᠰᠢᠭ ᠬᠦᠷᠲᠡᠭᠡᠵᠦ ᠴᠢᠳᠠᠨ᠎ᠠ ᠭᠡᠳᠡᠭ᠎ᠢ ᠭᠦᠨᠵᠡᠭᠡᠢ ᠤᠢ᠌ᠯᠠᠭ᠋ᠠᠪᠠ᠃ 《ᠬᠡᠦᠬᠡᠳ ᠪᠣᠯᠭ᠋ᠠᠨ᠎ᠤ ᠠᠷᠤ᠎ᠳᠤ ᠨᠢᠭᠡ ᠭᠡᠷ ᠪᠦᠯᠢ ᠪᠠᠢ᠌ᠳᠠᠭ ᠪᠣᠯᠬᠣᠷ ᠠᠯᠢ ᠨᠢᠭᠡ ᠵᠢ᠎ᠨᠢ ᠴᠦ᠍ ᠣᠷᠬᠢᠭᠳᠠᠭᠤᠯᠵᠤ ᠪᠣᠯᠬᠤ ᠦᠭᠡᠢ》 ᠭᠡᠳᠡᠭ ᠪᠣᠯ ᠵᠠᠩ ᠽᠧ ᠳ᠋ᠦᠩ᠎ᠤᠨ ᠦᠷᠭᠦᠯᠵᠢ ᠶᠠᠷᠢᠳᠠᠭ ᠦᠭᠡ ᠶᠤᠮ᠃ ᠬᠠᠷᠢᠶᠠᠲᠤ ᠣᠷᠣᠨ᠎ᠤ ᠬᠡᠦᠬᠡᠳ᠎ᠤᠨ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠬᠦ ᠵᠢᠨ ᠲᠥᠯᠥᠭᠡ ᠲᠡᠷᠡ 《ᠬᠤᠶᠠᠷ ᠦᠵᠤᠬᠦᠷ᠎ᠤᠨ ᠨᠠᠷᠨ᠎ᠲᠠᠢ ᠤᠷᠤᠯᠳᠤᠨ ᠠᠵᠢᠯᠯᠠᠬᠤ》᠂ 《ᠲᠠᠪᠤ + ᠬᠣᠶᠠᠷ》 ᠠᠵᠢᠯ᠎ᠤᠨ ᠵᠠᠭᠪᠤᠷ᠎ᠢ ᠡᠬᠢᠯᠡᠭᠦᠯᠦᠭᠰᠡᠨ ᠪᠠᠢ᠌ᠨ᠎ᠠ᠃ ᠥᠷᠯᠥᠭᠡᠳᠤᠪᠠᠨ ᠲᠡᠷᠡ ᠲᠡᠮᠳᠡᠭᠯᠡᠯ᠎ᠤᠨ ᠳᠡᠪᠲᠡᠷ ᠵᠶ᠋ᠡᠨ ᠠᠪᠴᠤ ᠪᠠᠢ᠌ᠰᠢᠩ ᠲᠦᠪᠯᠡᠷᠡᠭᠰᠡᠨ ᠲᠣᠭᠣᠷᠢᠭ᠎ᠲᠤ ᠤᠴᠢᠨ ᠡᠷᠦᠭᠡ ᠳᠠᠷᠠᠭ᠋ᠠᠯᠠᠨ ᠯᠠᠪᠯᠠᠳᠠᠭ᠃ ᠣᠷᠣᠢ᠎ᠳᠤ᠎ᠪᠠᠨ ᠨᠡᠶ᠋ᠢᠲᠡ ᠵᠢᠨ ᠲᠦᠷᠢᠶᠡᠰᠦᠨ ᠭᠡᠷ᠎ᠲᠤ ᠰᠠᠭᠤᠵᠤ ᠰᠠᠭᠤᠭ᠎ᠠ ᠬᠡᠤᠬᠡᠳ᠎ᠤᠨ ᠰᠤᠷᠭ᠋ᠠᠭᠤᠯᠢ ᠲᠠᠷᠬᠠᠭ᠋ᠠᠳ ᠬᠠᠷᠢᠵᠤ ᠢᠷᠡᠬᠦ ᠵᠢ ᠬᠦᠯᠢᠶᠡᠳᠡᠭ᠃ ᠭᠠᠷᠠᠭ᠎ᠤᠨ ᠰᠡᠭᠦᠯᠴᠢ᠎ᠳᠤ ᠲᠡᠷᠡ ᠰᠤᠷᠭ᠋ᠠᠭᠤᠯᠢ᠂ ᠲᠣᠮᠢᠯᠠᠭᠰᠠᠨ ᠰᠠᠯᠪᠤᠷᠢ ᠵᠢᠨ᠎ᠬᠢᠨ᠎ᠲᠠᠢ ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠵᠤ ᠮᠡᠳᠡᠭᠡ ᠵᠠᠩᠭᠢ᠎ᠪᠠᠨ ᠬᠠᠷᠭᠤᠭᠤᠯᠳᠠᠭ᠃ ᠲᠡᠷᠨ᠎ᠪᠠᠷ ᠣᠬᠣᠷᠬᠠᠨ ᠭᠤᠷᠪᠠᠨ ᠰᠠᠷ᠎ᠠ ᠵᠢᠨ ᠳᠣᠲᠣᠷ᠎ᠠ ᠬᠠᠷᠢᠶᠠᠲᠤ ᠣᠷᠣᠨ᠎ᠤ᠎ᠪᠠᠨ ᠪᠣᠶ ᠪᠦᠬᠦᠢ ᠬᠡᠦᠬᠡᠳ᠎ᠤᠨ ᠭᠡᠷ ᠪᠦᠯᠢ᠎ᠪᠠᠷ ᠬᠦᠷᠴᠦ᠂ ᠭᠡᠷ ᠪᠦᠯᠢ ᠵᠢᠨ ᠣᠷᠣᠯᠭ᠎ᠠ᠂ ᠡᠷᠡᠭᠦᠯ ᠮᠡᠨᠳᠦ ᠵᠢᠨ ᠪᠠᠢ᠌ᠳᠠᠯ᠂ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠮᠡᠳᠡᠭᠡ ᠵᠠᠩᠭᠢ ᠵᠢ ᠬᠠᠮᠤᠷᠤᠭᠰᠠᠨ ᠬᠥᠳᠡᠯᠦᠩᠭᠦᠢ ᠲᠠᠩᠰᠠ ᠡᠪᠬᠡᠮᠡᠯ ᠪᠠᠢ᠌ᠭᠤᠯᠤᠭᠰᠠᠨ ᠪᠥᠭᠡᠳ ᠭᠡᠷ᠎ᠲᠤ᠎ᠪᠠᠨ ᠬᠣᠴᠣᠷᠤᠭᠰᠠᠨ ᠣᠯᠠᠨ ᠬᠡᠦᠬᠡᠳ᠂ ᠵᠡᠮᠳᠡᠭ ᠬᠡᠦᠬᠡᠳ᠂ ᠥᠨᠥᠴᠢᠨ ᠥᠷᠥᠭᠡᠰᠦᠨ ᠭᠡᠷ ᠪᠦᠯᠢ ᠵᠢᠨ ᠬᠡᠦᠬᠡᠳ᠎ᠲᠤ ᠭᠣᠣᠯᠳᠠᠯᠭ᠎ᠠ᠎ᠲᠠᠢ ᠲᠣᠳᠣᠷᠬᠠᠢ᠌ᠯᠠᠯᠲᠠ ᠬᠢᠭᠰᠡᠨ ᠪᠠᠢ᠌ᠨ᠎ᠠ᠃
ᠲᠡᠭᠦᠨ᠎ᠤ ᠠᠯᠪᠠᠨ ᠰᠢᠷᠡᠭᠡᠨ ᠳᠡᠭᠡᠷ᠎ᠡ ᠲᠡᠬᠡᠷᠡᠬᠢ ᠰᠢᠷᠠᠯᠠᠭᠰᠠᠨ ᠲᠡᠮᠳᠡᠭᠯᠡᠯ᠎ᠢ ᠬᠠᠮᠲᠤ ᠠᠵᠢᠯᠯᠠᠭᠰᠠᠳ᠎ᠨᠢ 《ᠨᠡᠢ᠌ᠭᠡᠮ ᠲᠣᠭᠣᠷᠢᠭ᠎ᠤᠨ ᠬᠡᠦᠬᠡᠳ᠎ᠤᠨ ᠨᠡᠪᠲᠡᠷᠬᠡᠢ ᠲᠣᠯᠢ》 ᠭᠡᠵᠦ ᠨᠡᠷᠡᠯᠡᠵᠡᠢ᠃
ᠬᠡᠦᠬᠡᠳ᠎ᠤᠨ ᠬᠦᠰᠡᠯ ᠵᠡᠭᠦᠳᠦ ᠵᠢ ᠲᠡᠷᠭᠡᠯᠰᠢᠭᠦᠯᠵᠦ ᠬᠡᠦᠬᠡᠳ᠎ᠤᠨ ᠦᠰᠦᠨ ᠪᠤᠢ᠌ᠵᠢᠯᠳᠠ᠎ᠳᠤ ᠪᠠᠳᠤᠯᠠᠭ᠎ᠠ ᠬᠠᠡᠭᠭ᠋ᠠᠪᠠ
ᠰᠤᠷᠪᠤᠯᠵᠢᠯᠠᠬᠤ ᠶᠠᠪᠤᠴᠠ᠎ᠳᠤ ᠵᠠᠩ ᠽᠧ ᠳ᠋ᠦᠩ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ ᠪᠠᠢ᠌ᠭ᠎ᠠ ᠮᠠᠰᠢ ᠣᠯᠠᠨ ᠭᠡᠷ ᠪᠦᠯᠢ ᠵᠢᠨ ᠬᠡᠦᠬᠡᠳ᠎ᠤᠳ ᠰᠤᠷᠭ᠋ᠠᠭᠤᠯᠢ ᠲᠠᠷᠬᠠᠭᠰᠠᠨ᠎ᠤ ᠳᠠᠷᠠᠭ᠎ᠠ ᠶᠠᠪᠤᠬᠤ ᠭᠠᠵᠠᠷ ᠦᠭᠡᠢ᠂ ᠵᠠᠷᠢᠮ᠎ᠨᠢ ᠵᠡᠭᠡᠯᠢ ᠭᠤᠳᠤᠮᠵᠢ᠎ᠪᠠᠷ ᠬᠡᠰᠦᠵᠦ᠂ ᠵᠠᠷᠢᠮ᠎ᠨᠢ ᠬᠠᠷᠠᠩᠭᠤᠢ ᠦᠷᠤᠬᠡᠨᠳᠤᠪᠠᠨ ᠠᠲᠤᠷᠢᠨ ᠰᠠᠭᠤᠵᠤ ᠪᠠᠢ᠌ᠬᠤ ᠵᠢ ᠣᠯᠵᠤ ᠮᠠᠲᠠᠵᠠᠢ᠃ ᠨᠢᠭᠡ ᠨᠠᠰᠤᠲᠠᠨ ᠲᠡᠭᠦᠨ᠎ᠤ ᠭᠠᠷ᠎ᠠᠴᠠ ᠬᠥᠲᠥᠯᠵᠦ᠄ 《ᠬᠡᠦᠬᠡᠳ᠎ᠤᠨ ᠠᠪᠤ ᠡᠵᠢ᠎ᠨᠢ ᠭᠠᠳᠠᠨ᠎ᠠ ᠬᠥᠯᠥᠰᠦᠨ ᠠᠵᠢᠯ ᠬᠢᠵᠦ ᠪᠠᠢ᠌ᠨ᠎ᠠ᠂ ᠪᠢ ᠬᠥᠯ ᠮᠠᠭᠤ ᠪᠤᠯᠬᠤᠷ ᠬᠡᠤᠬᠡᠳ᠎ᠢ ᠳᠠᠭ᠋ᠠᠭᠤᠯᠵᠤ ᠭᠠᠷᠴᠤ ᠨᠠᠭ᠋ᠠᠳᠬᠤ ᠵᠢᠨ ᠠᠷᠭ᠎ᠠ ᠦᠭᠡᠢ ᠁》 ᠭᠡᠵᠦ ᠮᠡᠭᠰᠢᠨ ᠮᠡᠭᠰᠢᠨ ᠶᠠᠷᠢᠵᠤ ᠪᠠᠢ᠌ᠯ᠎ᠠ᠃ ᠡᠨᠡ ᠬᠦ᠌ ᠦᠵᠡᠭᠳᠡᠯ᠎ᠨᠢ ᠵᠠᠩ ᠽᠧ ᠳ᠋ᠦᠩ᠎ᠤᠨ ᠰᠡᠳᠬᠢᠯ᠎ᠢ ᠭᠦᠨ᠎ᠡ ᠬᠦᠨᠳᠡᠵᠤ ᠬᠡᠦᠬᠡᠳ᠎ᠤᠳ᠎ᠲᠤ ᠵᠠᠪᠠᠯ 《ᠭᠡᠷ᠎ᠤᠨ ᠭᠠᠳᠠᠨᠠᠬᠢ ᠭᠡᠷ》 ᠪᠠᠢ᠌ᠭᠤᠯᠵᠤ ᠥᠭᠬᠦ᠎ᠪᠠᠷ ᠵᠣᠷᠢᠭ ᠰᠢᠭᠤᠳᠴᠠᠢ᠃
ᠲᠡᠷᠡ ᠨᠡᠢ᠌ᠭᠡᠮ ᠲᠣᠭᠣᠷᠢᠭ᠎ᠲᠤ ᠬᠡᠦᠬᠡᠳ᠎ᠤᠨ ᠬᠥᠳᠡᠯᠭᠡᠭᠡᠨ᠎ᠤ ᠦᠷᠦᠭᠡ᠂ ᠨᠣᠮ ᠤᠩᠰᠢᠬᠤ ᠦᠷᠦᠭᠡ ᠵᠡᠷᠭᠡ ᠬᠥᠳᠡᠯᠭᠡᠭᠡᠨ᠎ᠤ ᠲᠠᠯᠠᠪᠤᠷ ᠪᠠᠢ᠌ᠭᠤᠯᠵᠤ᠂ ᠶᠡᠬᠡ ᠬᠡᠮᠵᠢᠶᠡᠨ᠎ᠤ ᠨᠣᠮ ᠪᠢᠴᠢᠭ᠂ ᠲᠣᠭᠯᠠᠭ᠋ᠠᠮ᠂ ᠪᠡᠶ᠎ᠡ ᠲᠠᠮᠢᠷ᠎ᠤᠨ ᠬᠡᠷᠡᠭᠰᠡᠯ᠎ᠢ ᠬᠤᠳᠠᠯᠳᠤᠨ ᠠᠪᠴᠤ᠂ ᠬᠡᠦᠬᠡᠳ᠎ᠤᠳ᠎ᠲᠤ ᠬᠢᠴᠢᠶᠡᠯ᠎ᠤᠨ ᠭᠠᠳᠠᠨᠠᠬᠢ ᠰᠤᠷᠤᠯᠴᠠᠯᠭ᠎ᠠ ᠪᠠ ᠵᠤᠭ᠎ᠠ ᠴᠡᠩᠭᠡᠯ᠎ᠤᠨ ᠰᠠᠢ᠌ᠨ ᠭᠠᠵᠠᠷ ᠬᠠᠩᠭ᠋ᠠᠭᠰᠠᠨ ᠪᠠᠢ᠌ᠨ᠎ᠠ᠃ ᠲᠣᠭᠲᠠᠮᠠᠯ ᠬᠤᠭᠤᠴᠠᠭ᠎ᠠ᠎ᠲᠠᠢ᠎ᠪᠠᠷ ᠨᠣᠮ ᠤᠩᠰᠢᠬᠤ ᠴᠤᠭᠯᠠᠭ᠋ᠠᠨ᠂ ᠭᠠᠷ ᠤᠷᠠᠯᠠᠯ᠎ᠤᠨ ᠤᠷᠤᠯᠳᠤᠭ᠋ᠠᠨ᠂ ᠤᠷᠠᠨ ᠰᠠᠢ᠌ᠬᠠᠨ᠎ᠤ ᠲᠣᠭᠯᠠᠯᠲᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠵᠢ ᠡᠷᠭᠢᠯᠡᠬᠦ᠎ᠪᠠᠷ ᠳᠠᠮᠵᠢᠭᠤᠯᠤᠨ᠂ ᠬᠡᠦᠬᠡᠳ᠎ᠤᠳ᠎ᠢ ᠬᠥᠳᠡᠯᠭᠡᠭᠡᠨ᠎ᠤ ᠳᠤᠮᠳᠠ ᠠᠪᠢᠶᠠᠰ ᠴᠢᠳᠠᠪᠤᠷᠢ ᠪᠠ ᠣᠨᠴᠠ ᠴᠢᠳᠠᠪᠤᠷᠢ᠎ᠪᠠᠨ ᠭᠦᠢ᠍ᠴᠡᠳ ᠲᠠᠨᠢᠭᠤᠯᠵᠤ᠂ ᠲᠡᠳᠡᠨ᠎ᠤ ᠳᠤᠷ᠎ᠠ ᠰᠣᠨᠢᠷᠬᠠᠯ ᠪᠠ ᠡᠭᠦᠳᠦᠨ ᠪᠦᠲᠦᠭᠡᠬᠦ ᠴᠢᠳᠠᠪᠤᠷᠢ ᠵᠢ᠎ᠨᠢ ᠬᠥᠭᠵᠢᠭᠡᠨ᠎ᠡ᠃ ᠵᠢᠱ᠌ᠢᠶᠡᠯᠡᠪᠡᠯ᠂ ᠵᠢᠯ ᠪᠦᠷᠢ ᠵᠢᠨ 《6 ·1》᠎ᠤ ᠬᠡᠦᠬᠡᠳ᠎ᠤᠨ ᠪᠠᠶᠠᠷ᠎ᠠᠴᠠ ᠡᠮᠦᠨᠡᠬᠡᠨ ᠵᠠᠩ ᠽᠧ ᠳ᠋ᠦᠩ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ ᠵᠢ ᠵᠣᠬᠢᠶᠠᠨ ᠪᠠᠢ᠌ᠭᠤᠯᠵᠤ᠂ ᠬᠡᠦᠬᠡᠳ᠎ᠤᠳ ᠲᠠᠢ᠌ᠰᠠᠨ ᠳᠡᠭᠡᠷ᠎ᠡ ᠳᠠᠭᠤᠯᠠᠨ ᠪᠥᠵᠢᠭᠯᠡᠵᠦ᠂ ᠥᠪᠡᠷ᠎ᠤᠨ ᠪᠣᠯᠪᠠᠰᠤᠷᠠᠭᠰᠠᠨ ᠲᠣᠭᠯᠠᠯᠲᠠ᠎ᠪᠠᠨ ᠲᠣᠭᠯᠠᠵᠤ᠂ ᠪᠠᠶᠠᠷ ᠬᠥᠷ᠎ᠲᠠᠢ ᠪᠥᠭᠡᠳ ᠮᠠᠷᠲᠠᠭᠳᠠᠰᠢ ᠦᠭᠡᠢ ᠪᠠᠶᠠᠷ᠎ᠤᠨ ᠡᠳᠦᠷ᠎ᠤᠳ᠎ᠢ ᠵᠠᠯᠭ᠎ᠠ ᠵᠠᠯᠭ᠎ᠠ᠎ᠪᠠᠷ ᠥᠩᠭᠡᠷᠡᠭᠦᠯᠳᠡᠭ᠃ ᠡᠭᠦᠨ᠎ᠠᠴᠠ ᠭᠠᠳᠠᠨ᠎ᠠ ᠲᠡᠷᠡ ᠪᠠᠰᠠ ᠨᠡᠢ᠌ᠭᠡᠮ᠎ᠤᠨ ᠡᠬᠢ ᠪᠠᠶᠠᠯᠢᠭ᠎ᠲᠠᠢ ᠢᠳᠡᠪᠬᠢᠲᠡᠢ ᠬᠠᠷᠢᠯᠴᠠᠵᠤ ᠬᠡᠦᠬᠡᠳ᠎ᠤᠳ᠎ᠲᠤ ᠨᠠᠩ ᠣᠯᠠᠨ ᠰᠤᠷᠤᠯᠴᠠᠬᠤ ᠪᠠ ᠬᠥᠭᠵᠢᠬᠦ ᠵᠠᠪᠰᠢᠶᠠᠨ ᠤᠯᠭᠤᠬᠤ᠎ᠳᠤ ᠪᠠ ᠤᠷᠠᠨ ᠪᠢᠴᠢᠯᠭᠡ᠂ ᠪᠥᠵᠢᠭ ᠵᠡᠷᠭᠡ ᠳᠤᠷ᠎ᠠ ᠰᠣᠨᠢᠷᠬᠠᠯ᠎ᠤᠨ ᠠᠩᠭᠢ ᠭᠠᠷᠭ᠋ᠠᠪᠠ᠃ ᠬᠡᠦᠬᠡᠳ᠎ᠢ ᠵᠣᠬᠢᠶᠠᠨ ᠪᠠᠢ᠌ᠭᠤᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠳᠣᠨ᠂ ᠮᠦᠽᠧᠢ᠂ ᠠᠮᠢᠲᠠᠨ᠎ᠤ ᠬᠦᠷᠢᠶᠡᠯᠡᠩ᠎ᠳᠤ ᠲᠤᠭᠤᠷᠢᠭᠤᠯᠥᠭ᠋ᠠᠳ ᠬᠡᠦᠬᠡᠳ᠎ᠤᠨ ᠬᠠᠷᠠᠭ᠎ᠠ ᠵᠢ ᠥᠷᠭᠡᠳᠬᠡᠵᠦ᠂ ᠮᠡᠳᠡᠯᠭᠡ ᠵᠢ᠎ᠨᠢ ᠨᠡᠮᠡᠭᠳᠡᠬᠦᠯᠦᠭᠰᠡᠨ ᠪᠠᠢ᠌ᠨ᠎ᠠ᠃
ᠳᠠᠭ᠋ᠠᠷᠠᠭᠰᠠᠨ ᠬᠥᠮᠥᠨ᠎ᠳᠤ ᠳᠠᠬᠤ ᠬᠦᠷᠭᠡᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠡᠷᠡᠮᠡᠯᠵᠡᠯ ᠤᠯᠭᠤᠪᠠ
ᠲᠠᠪᠤᠨᠰᠠᠢ᠌ᠨ ᠨᠡᠢ᠌ᠭᠡᠮ ᠲᠣᠭᠣᠷᠢᠭ᠎ᠲᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢ ᠬᠦᠷᠳᠡᠬᠦ ᠭᠡᠷ ᠪᠦᠯᠢ ᠵᠢᠨ ᠬᠡᠦᠬᠡᠳ ᠰᠢᠶᠣᠣ ᠬᠠᠨ᠎ᠤ ᠦᠯᠢᠭᠡᠷ᠎ᠢ ᠵᠠᠩ ᠽᠦ᠍ ᠳ᠋ᠦᠩ ᠮᠠᠷᠳᠠᠳᠠᠭ ᠦᠬᠡᠢ᠃ ᠬᠠᠨ ᠣᠪᠣᠭᠲᠤ ᠬᠦᠤ ᠵᠢᠨ ᠠᠪᠤ᠎ᠨᠢ ᠲᠥᠷᠥᠯᠬᠢ ᠵᠢᠨ ᠨᠢᠭᠡᠳᠦᠭᠡᠷ ᠳᠡᠰ᠎ᠤᠨ ᠵᠡᠮᠳᠡᠭ᠂ ᠡᠬᠡ᠎ᠨᠢ ᠮᠡᠳᠡᠷᠡᠯ᠎ᠤᠨ ᠬᠣᠶᠠᠳᠤᠭ᠋ᠠᠷ ᠳᠡᠰ᠎ᠤᠨ ᠵᠡᠮᠳᠡᠭ᠂ ᠳᠠᠯ᠎ᠠ ᠰᠢᠬᠠᠭᠰᠠᠨ ᠡᠮᠡᠭᠡ᠎ᠨᠢ ᠦᠰᠦᠭ ᠮᠠᠰᠢᠨᠳᠠᠵᠤ ᠳᠠᠷᠤᠮᠠᠯᠯᠠᠬᠤ ᠳᠡᠯᠭᠡᠭᠦᠷ ᠡᠵᠡᠩᠨᠡᠵᠦ ᠠᠮᠢᠳᠤᠷᠠᠯ ᠵᠶ᠋ᠠᠨ ᠠᠷᠭ᠋ᠠᠴᠠᠭ᠋ᠠᠳᠠᠭ᠃ ᠠᠩᠬ᠎ᠠ ᠤᠳᠠᠭ᠎ᠠ ᠬᠠᠨ ᠣᠪᠣᠭᠲᠤ ᠵᠢᠨ᠎ᠳᠤ ᠣᠷᠣᠬᠤ ᠦᠶ᠎ᠡ᠎ᠳᠤ᠂ ᠵᠠᠩ ᠽᠧ ᠳ᠋ᠦᠩ ᠳᠠᠰᠬᠠᠯ ᠬᠢᠵᠦ ᠪᠠᠢ᠌ᠭᠰᠠᠨ ᠡᠴᠡᠩᠬᠡᠢ ᠬᠦᠤ ᠵᠢ ᠬᠠᠷᠠᠪᠠ᠃ 《ᠬᠡᠦᠬᠡᠳ᠎ᠤᠨ ᠨᠢᠳᠦᠨ᠎ᠳᠤ ᠭᠡᠷᠡᠯ ᠦᠭᠡᠢ ᠰᠢᠤ᠂ ᠬᠦᠬᠡᠷᠤᠬᠦᠢ》 ᠭᠡᠵᠦ ᠵᠠᠩ ᠽᠧ ᠳ᠋ᠦᠩ ᠮᠠᠨᠳᠤ ᠬᠡᠯᠡᠪᠡ᠃ ᠲᠡᠷᠡ ᠳᠠᠷᠤᠢ ᠲᠦᠷᠭᠡᠨ ᠭᠠᠷ ᠤᠷᠤᠨ ᠰᠢᠶᠣᠣ ᠬᠠᠨᠢ ᠬᠠᠪᠰᠤᠷᠤᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠤᠨ ᠨᠥᠬᠥᠪᠦᠷᠢ ᠭᠤᠶᠤᠴᠢᠯᠠᠵᠤ᠂ ᠰᠠᠷ᠎ᠠ ᠪᠦᠷᠢ 600 ᠲᠥᠭᠥᠷᠢᠭ᠎ᠤᠨ ᠭᠡᠷ ᠪᠦᠯᠢ ᠵᠢᠨ ᠣᠷᠣᠯᠭ᠎ᠠ ᠵᠢ ᠨᠡᠮᠡᠭᠳᠡᠬᠦᠯᠦᠭᠰᠡᠨᠤ ᠬᠠᠮᠳᠤ ᠵᠡᠮᠳᠡᠭᠴᠦᠳ᠎ᠤᠨ ᠬᠣᠯᠪᠣᠭ᠎ᠠ ᠵᠢᠨ᠎ᠬᠢᠨ᠎ᠲᠠᠢ ᠬᠠᠷᠢᠯᠴᠠᠵᠤ᠂ ᠡᠴᠢᠭᠡ ᠡᠬᠡ᠎ᠳᠤᠨᠢ ᠡᠷᠡᠭᠦᠯᠵᠢᠯ᠎ᠤᠨ ᠡᠬᠢ ᠪᠠᠶᠠᠯᠢᠭ᠎ᠢ ᠣᠯᠵᠤ ᠦᠭᠭᠦᠭᠰᠡᠨ ᠪᠤᠯᠪᠠᠴᠤ ᠡᠳ᠋ ᠪᠣᠳᠠᠰ᠎ᠤᠨ ᠲᠡᠳᠬᠦᠮᠵᠢ᠎ᠨᠢ ᠵᠥᠪᠬᠡᠨ ᠡᠬᠢᠯᠡᠯᠲᠡ ᠲᠡᠳᠦᠢ ᠶᠤᠮ᠂ ᠵᠠᠩ ᠽᠧ ᠳ᠋ᠦᠩ ᠰᠢᠶᠣᠣ ᠬᠠᠨ᠎ᠤ ᠰᠡᠳᠬᠢᠴᠡ ᠵᠢᠨ ᠪᠣᠶ᠋ᠢᠵᠢᠯᠲᠠ ᠵᠢ ᠨᠠᠩ ᠢᠯᠡᠭᠦᠦ ᠠᠩᠬᠠᠷᠴᠤ᠂ ᠰᠢᠶᠣᠣ ᠬᠠᠨ᠎ᠲᠠᠢ ᠬᠣᠣᠰᠯᠠᠯ ᠪᠣᠯᠵᠤ᠂ ᠰᠢᠶᠣᠣ ᠬᠠᠨ᠎ᠤ ᠠᠮᠢᠳᠤᠷᠠᠯ᠎ᠢ ᠴᠠᠭ ᠢᠮᠠᠭᠲᠠ ᠬᠠᠯᠠᠮᠵᠢᠯᠠᠵᠤ᠂ ᠲᠡᠳᠡᠨ᠎ᠢ ᠬᠠᠪᠰᠤᠷᠤᠨ ᠰᠡᠳᠬᠢᠯ᠎ᠤᠨ ᠬᠦᠴᠢᠷᠳᠡᠯ᠎ᠠᠴᠠ᠎ᠨᠢ ᠠᠩᠭᠢᠵᠢᠷᠠᠭᠤᠯᠵᠤ ᠥᠭᠭᠦᠭᠰᠡᠨ ᠪᠠᠢ᠌ᠨ᠎ᠠ᠃
ᠵᠠᠩ ᠽᠧ ᠳ᠋ᠦᠩ᠎ᠤᠨ ᠴᠢᠷᠮᠠᠢ᠌ᠯᠭ᠎ᠠ᠎ᠪᠠᠷ ᠨᠡᠢ᠌ᠭᠡᠮ ᠲᠣᠭᠣᠷᠢᠭᠤᠨᠬᠢᠨᠤ ᠬᠡᠦᠬᠡᠳ᠎ᠢ ᠬᠠᠯᠠᠮᠵᠢᠯᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠬᠡᠦᠬᠡᠳ᠎ᠤᠨ ᠠᠮᠢᠳᠤᠷᠠᠯ᠎ᠤᠨ ᠣᠷᠴᠢᠨ ᠲᠣᠭᠣᠷᠢᠨ ᠨᠡᠩ ᠠᠮᠤᠷ ᠲᠦᠪᠰᠢᠨ᠂ ᠡᠷᠡᠭᠦᠯ ᠴᠢᠭᠢᠷᠠᠭ ᠪᠣᠯᠵᠤ᠂ ᠬᠢᠴᠢᠶᠡᠯ᠎ᠤᠨ ᠭᠠᠳᠠᠨᠠᠬᠢ ᠠᠮᠢᠳᠤᠷᠠᠯ ᠨᠡᠩ ᠡᠯᠪᠡᠭ ᠪᠠᠶᠠᠯᠢᠭ ᠪᠣᠯᠵᠤ᠂ ᠰᠡᠳᠬᠢᠴᠡ ᠵᠢᠨ ᠡᠷᠡᠭᠦᠯ ᠮᠡᠨᠳᠦ ᠵᠢ ᠪᠦᠲᠦᠮᠵᠢᠲᠡᠢ ᠬᠠᠮᠠᠭ᠋ᠠᠯᠠᠵᠤ᠂ ᠶᠡᠷᠦᠩᠬᠡᠢ ᠬᠡᠪ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃ ᠲᠡᠷᠡ ᠬᠡᠦᠬᠡᠳ᠎ᠤᠨ ᠠᠵᠢᠯ᠎ᠤᠨ ᠡᠷᠬᠢᠯᠡᠭᠴᠢ ᠵᠢᠨ ᠡᠭᠦᠷᠭᠡ ᠬᠠᠷᠢᠭᠤᠴᠠᠯᠭ᠎ᠠ ᠵᠢ ᠪᠣᠳᠠᠲᠤ ᠠᠵᠢᠯᠯᠠᠭ᠎ᠠ᠎ᠪᠠᠷ ᠵᠶ᠋ᠡᠨ ᠲᠠᠢ᠌ᠯᠪᠤᠷᠢᠯᠠᠪᠠ᠃ ᠲᠡᠭᠦᠨ᠎ᠤ ᠠᠵᠢᠯᠯᠠᠭ᠎ᠠ᠎ᠨᠢ ᠴᠦ᠍ ᠬᠠᠵᠠᠭᠤ ᠬᠠᠪᠢ ᠵᠢᠨ ᠵᠶ᠋ᠡᠨ ᠬᠦᠮᠦᠰ᠎ᠢ ᠨᠥᠯᠥᠭᠡᠯᠡᠵᠦ᠂ ᠨᠡᠩ ᠤᠯᠠᠨ ᠬᠥᠮᠥᠰ᠎ᠢ ᠳᠠᠭ᠋ᠠᠭᠤᠯᠤᠨ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠣᠷᠣᠯᠴᠠᠭᠤᠯᠵᠤ᠂ ᠬᠡᠦᠬᠡᠳ᠎ᠤᠨ ᠰᠠᠢ᠌ᠨ ᠰᠠᠢ᠌ᠬᠠᠨ ᠢᠷᠡᠭᠡᠳᠦᠢ ᠵᠢᠨ ᠲᠥᠯᠥᠭᠡ ᠬᠠᠮᠳᠤ᠎ᠪᠠᠷ ᠴᠢᠷᠮᠠᠢ᠌ᠬᠤ ᠠᠭᠤᠷ ᠠᠮᠢᠰᠬᠤᠯ᠎ᠢ ᠪᠤᠢ ᠪᠤᠯᠭ᠋ᠠᠵᠤ ᠴᠢᠳᠠᠬᠰᠠᠨ ᠶᠤᠮ᠃