ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.26
ᠨᠡᠶᠢᠲᠡᠯᠡᠭᠰᠡᠨ ᠴᠠᠭ᠄ 2025-05-26

ᠠᠷᠠᠳ᠎ᠤᠨ ᠶᠠᠪᠤᠳᠠᠯ᠎ᠤᠨ ᠶᠠᠮᠤᠨ

    ᠠᠷᠠᠳ᠎ᠤᠨ ᠶᠠᠪᠤᠳᠠᠯ᠎ᠤᠨ ᠶᠠᠮᠤᠨ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠪᠠ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠪᠣᠢ᠌ᠮ᠎ᠠ ᠠᠰᠠᠭᠤᠳᠠᠯ᠎ᠢ ᠲᠤᠰᠬᠠᠢ  ᠴᠡᠭᠴᠡᠯᠡᠬᠦ ᠠᠵᠢᠯ᠎ᠤᠨ ᠶᠠᠷᠢᠯᠴᠠᠬᠤ ᠬᠤᠷᠠᠯ᠎ᠢ ᠤᠷᠴᠢᠮ᠎ᠳᠤ ᠬᠤᠷᠠᠯᠳᠤᠭᠤᠯᠪᠠ᠃ ᠬᠤᠷᠠᠯ ᠲᠡᠬᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠤᠨ᠂ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠬᠥᠭᠵᠢᠭᠦᠯᠬᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠪᠣᠢ᠌ᠮ᠎ᠠ ᠠᠰᠠᠭᠤᠳᠠᠯ᠎ᠢ ᠲᠤᠰᠬᠠᠢ ᠴᠡᠭᠴᠡᠯᠡᠬᠦ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢᠨ ᠲᠣᠭᠣᠷᠢᠨ᠎ᠳᠤ ᠲᠤᠷᠰᠢᠯᠭ᠎ᠠ ᠪᠠ ᠠᠷᠭ᠎ᠠ᠎ᠪᠠᠨ ᠰᠣᠯᠢᠯᠴᠠᠵᠤ᠂ ᠠᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ ᠲᠤᠷᠠᠳᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ ᠳᠠᠷᠤᠭ᠎ᠠ ᠯᠢᠦ ᠵᠧᠨ ᠭᠦᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠣᠷᠣᠨ ᠬᠤᠪᠢᠶᠠᠷᠢᠯᠠᠯ ᠭᠠᠵᠠᠷ᠎ᠤᠨ ᠨᠡᠷᠡᠰ

    ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠬᠣᠲᠠ ᠵᠢᠨ ᠲᠥᠯᠦᠪᠵᠢᠭᠦᠯᠭᠡ ᠪᠠ ᠠᠷᠠᠳ᠎ᠤᠨ ᠠᠮᠢᠳᠤᠷᠠᠯ᠎ᠤᠨ ᠬᠡᠷᠡᠭᠴᠡᠭᠡ᠎ᠲᠠᠢ ᠤᠶᠠᠯᠳᠤᠭᠤᠯᠤᠨ᠂ 96 ᠵᠠᠮ᠎ᠢ ᠨᠡᠷᠡᠢ᠌ᠳᠴᠦ ᠬᠠᠯᠠᠬᠤ ᠠᠵᠢᠯ᠎ᠢ ᠪᠡᠶᠡᠯᠡᠭᠦᠯᠵᠡᠢ᠂ ᠡᠭᠦᠨ᠎ᠳᠤ 50 ᠵᠠᠮ᠎ᠢ ᠰᠢᠨ᠎ᠡ᠎ᠪᠠᠷ ᠪᠠᠢ᠌ᠭᠤᠯᠵᠤ᠂ 24 ᠪᠠᠷᠢᠮᠵᠢᠶᠠᠲᠤ ᠵᠠᠮ᠎ᠤᠨ ᠨᠡᠷᠡᠢ᠌ᠳᠤᠯ᠎ᠢ ᠪᠠᠷᠢᠮᠵᠢᠶᠠᠯᠠᠵᠤ᠂ 22 ᠵᠠᠮ᠎ᠢ ᠥᠷᠭᠡᠳᠬᠡᠨ  ᠪᠠᠢ᠌ᠭᠤᠯᠬᠤ᠎ᠳᠤ᠎ᠪᠠᠨ ᠬᠦᠬᠡᠬᠤᠳᠠ ᠵᠢᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠣᠯᠪᠣᠭᠳᠠᠯ ᠪᠦᠬᠦᠢ ᠭᠠᠵᠠᠷ᠎ᠤᠨ ᠨᠡᠷᠡᠰ᠎ᠢ ᠨᠢᠭᠡᠨᠲᠡ ᠵᠢᠩᠬᠢᠨᠢ᠎ᠪᠠᠷ ᠨᠡᠢ᠌ᠲᠡᠯᠡᠨ ᠬᠡᠷᠡᠭᠯᠡᠬᠦ ᠵᠢᠨ ᠬᠠᠮᠲᠤ ᠤᠯᠤᠰ᠎ᠤᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠳᠠᠩᠰᠠᠯᠠᠯᠲᠠ ᠪᠠ ᠠᠯᠪᠠᠨ ᠵᠠᠷ᠎ᠢ ᠵᠡᠷᠭᠡ᠎ᠪᠠᠷ ᠪᠡᠶᠡᠯᠡᠭᠦᠯᠵᠦ᠂ ᠭᠣᠸ᠋ ᠳ᠋ᠧ᠂ ᠪᠠᠢ ᠳ᠋ᠦ᠋ ᠵᠡᠷᠭᠡ ᠡᠯᠧᠺᠲᠷᠣᠨ ᠭᠠᠵᠠᠷ᠎ᠤᠨ ᠵᠢᠷᠤᠭ᠎ᠤᠨ ᠰᠢᠨᠡᠴᠢᠯᠡᠯᠲᠡ᠎ᠲᠠᠢ ᠵᠣᠯᠭ᠋ᠠᠭᠤᠯᠤᠨ᠂ ᠣᠯᠠᠨ ᠲᠦᠮᠡᠨ᠎ᠤ ᠠᠮᠢᠳᠤᠷᠠᠯ ᠪᠠ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠲᠥᠬᠥᠮ ᠦᠵᠡᠭᠦᠯᠪᠡ᠃

ᠨᠡᠢ᠌ᠭᠡᠮ᠎ᠤᠨ ᠶᠠᠪᠤᠳᠠᠯ

      ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠢᠨᠢᠩ ᠲᠣᠭᠣᠷᠢᠭ᠎ᠤᠨ ᠪᠥᠬᠥ ᠤᠯᠤᠰ᠎ᠤᠨ ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠲᠦᠰᠢᠭᠯᠡᠨ 《10 ᠥᠷᠥᠭᠡ᠂ 1 ᠥᠷᠲᠡᠭᠡ᠂ 1 ᠬᠣᠩᠭᠢᠯ᠂ 1 ᠬᠦᠷᠢᠶᠡᠯᠡᠩ᠂ 2 ᠲᠠᠩᠬᠢᠮ》᠎ᠤᠨ ᠦᠢ᠍ᠯᠡᠴᠢᠯᠡᠭᠡᠨ᠎ᠤ ᠵᠢᠭᠰᠠᠭ᠋ᠠᠯ ᠵᠶ᠋ᠠᠷ ᠠᠴᠢᠶᠠᠯᠠᠪᠤᠷᠢ ᠪᠣᠯᠭ᠋ᠠᠵᠤ᠂ ᠪᠥᠬᠥ ᠬᠣᠲᠠ ᠵᠢᠨ ᠣᠷᠣᠭ ᠬᠤᠷᠢᠮ᠎ᠤᠨ ᠬᠦᠷᠢᠶ᠎ᠡ ᠴᠠᠷᠠᠭ᠎ᠠ᠎ᠳᠤ᠎ᠬᠢ ᠤᠷᠤᠭ᠎ᠤᠨ ᠵᠠᠡᠭᠰᠢᠯ᠎ᠢ ᠥᠭᠡᠷᠡᠴᠢᠯᠡᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 5 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 2᠎ᠤ ᠡᠳᠦᠷ ᠪᠣᠯᠲᠠᠯ᠎ᠠ ᠵᠢᠨᠢᠩ ᠲᠣᠭᠣᠷᠢᠭ᠎ᠲᠤ 《ᠤᠷᠤᠭ ᠬᠤᠷᠢᠮ᠎ᠤᠨ ᠪᠣᠯᠪᠠᠰᠤᠨ ᠵᠠᠡᠭᠰᠢᠯ · ᠦᠴᠤᠬᠡᠨ ᠲᠦᠬᠦᠷᠡᠡᠭ᠎ᠢ ᠬᠠᠢ᠌ᠷ᠎ᠠ ᠵᠢᠨ ᠬᠤᠯᠪᠤᠭ᠎ᠠ》 ᠬᠡᠬᠦ ᠭᠤᠷᠪᠠᠳᠤᠭ᠋ᠠᠷ ᠬᠤᠭᠤᠴᠠᠭ᠋ᠠᠨ᠎ᠤ 《5 · 20》 ᠵᠢᠨ ᠪᠠᠶᠠᠷ᠎ᠤᠨ ᠡᠳᠦᠷ᠎ᠤᠨ ᠪᠣᠯᠪᠠᠰᠤᠨ ᠬᠤᠷᠢᠮ᠎ᠤᠨ ᠶᠣᠰᠣᠯᠠᠯ᠎ᠤᠨ ᠰᠢᠷᠢᠰ ᠠᠵᠢᠯᠯᠠᠭ᠎ᠠ ᠥᠷᠨᠢᠭᠦᠯᠵᠦ᠂ ᠬᠠᠮᠲᠤ᠎ᠪᠠᠷ ᠬᠤᠷᠢᠮ ᠬᠢᠬᠦ᠂ ᠬᠠᠮᠲᠤ᠎ᠳᠤ᠎ᠨᠢ ᠪᠠᠳᠤᠯᠠᠪᠤᠷᠢ ᠤᠯᠭᠤᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ 303   ᠰᠢᠨ᠎ᠡ ᠬᠤᠤᠰ᠎ᠢ ᠵᠢᠯᠤᠭᠣᠳᠴᠤ ᠪᠠᠢ᠌ᠭ᠋ᠠᠳ ᠪᠠᠶᠠᠷ᠎ᠤᠨ ᠶᠠᠪᠤᠳᠠᠯ᠎ᠢ ᠰᠢᠨ᠎ᠡ᠎ᠪᠠᠷ ᠬᠢᠬᠦ᠂ ᠣᠷᠣᠭ᠎ᠤᠨ ᠶᠠᠪᠤᠳᠠᠯ᠎ᠢ ᠳᠥᠭᠥᠮᠴᠢᠯᠡᠨ ᠬᠢᠬᠦ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠤᠯᠠᠮᠵᠢᠯᠠᠯᠲᠤ ᠤᠷᠤᠭ ᠬᠤᠷᠢᠮ᠎ᠤᠨ ᠵᠠᠡᠭᠰᠢᠯ ᠪᠣᠯᠣᠨ ᠣᠲᠣ ᠦᠶ᠎ᠡ ᠵᠢᠨ ᠪᠣᠯᠪᠠᠰᠤᠨ᠎ᠤ ᠡᠯᠧᠮᠧᠨ᠋ᠲ᠎ᠢ ᠠᠭᠤᠰᠤᠯᠴᠠᠭᠤᠯᠤᠨ᠂ ᠣᠷᠣᠭ ᠭᠡᠷ ᠪᠦᠯᠢ ᠵᠢᠨ ᠵᠢᠯᠤᠭᠤᠳᠤᠮᠵᠢ ᠂ ᠭᠡᠷ᠎ᠤᠨ ᠰᠤᠷᠲᠠᠯ᠎ᠢ ᠤᠯᠠᠮᠵᠢᠯᠠᠨ ᠪᠡᠶᠡᠴᠢᠯᠡᠨ ᠣᠢ᠌ᠯᠠᠭ᠋ᠠᠬᠤ ᠵᠡᠷᠭᠡ ᠣᠨᠴᠠᠯᠢᠭᠲᠤ ᠦᠢ᠍ᠯᠡᠴᠢᠯᠡᠭᠡ ᠵᠢ ᠵᠡᠷᠭᠡ᠎ᠪᠠᠷ ᠥᠷᠨᠢᠭᠦᠯᠵᠦ᠂ ᠬᠣᠲᠠ ᠬᠥᠳᠡᠭᠡ ᠵᠢ ᠬᠠᠮᠤᠷᠤᠭᠰᠠᠨ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠦᠢ᠍ᠯᠡᠴᠢᠯᠡᠭᠡᠨ᠎ᠤ  ᠰᠢᠰᠲᠸᠮ᠎ᠢ ᠤᠯᠠᠮ  ᠪᠡᠬᠢᠵᠢᠭᠦᠯᠵᠦ᠂ ᠲᠥᠬᠥᠮ ᠪᠥᠭᠡᠳ ᠲᠣᠬᠢᠷᠠᠮᠵᠢᠲᠠᠢ᠂ ᠡᠷᠡᠭᠦᠯ ᠥᠭᠡᠳᠡᠷᠬᠡᠭ  ᠤᠷᠤᠭ᠎ᠤᠨ ᠵᠠᠡᠭᠰᠢᠯ᠎ᠤᠨ ᠰᠢᠨ᠎ᠡ ᠬᠡᠪ ᠰᠤᠷᠲᠠᠯ᠎ᠢ ᠪᠣᠶ ᠪᠣᠯᠭ᠋ᠠᠬᠤ ᠠᠵᠢᠯ᠎ᠢ ᠠᠬᠢᠭᠤᠯᠤᠬᠰᠠᠨ ᠪᠠᠢ᠌ᠨ᠎ᠠ᠃

ᠨᠠᠰᠤᠵᠢᠯ᠎ᠤᠨ ᠦᠢ᠍ᠯᠡᠴᠢᠯᠡᠭᠡ

    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠵᠢᠯᠣᠭᠣᠳᠤᠯᠭ᠎ᠠ᠎ᠪᠠᠷ ᠵᠢᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠤᠭᠤᠲᠤ ᠬᠣᠲᠠ ᠵᠢᠨ ᠢᠳᠡᠭᠡᠨ ᠤᠮᠳᠠᠭ᠋ᠠᠨ᠎ᠤ ᠨᠡᠢ᠌ᠭᠡᠮᠯᠢᠭ᠂ ᠰᠢᠮ᠎ᠡ ᠲᠡᠵᠢᠭᠡᠯ᠎ᠤᠨ ᠨᠡᠢ᠌ᠭᠡᠮᠯᠢᠭ᠎ᠤᠨ ᠲᠤᠰᠬᠠᠢ ᠮᠡᠷᠭᠡᠵᠢᠯ᠎ᠤᠨ ᠪᠦᠯᠬᠦᠮ᠎ᠤᠨ᠎ᠬᠢᠨ᠎ᠲᠠᠢ ᠬᠠᠮᠲᠤᠷᠠᠨ ᠬᠠᠷᠢᠶ᠎ᠠ ᠣᠷᠣᠨ᠎ᠤ᠎ᠪᠠᠨ ᠨᠠᠰᠤᠲᠠᠢ᠌ᠴᠤᠳ᠎ᠤᠨ ᠬᠣᠭᠣᠯᠠᠨ ᠭᠡᠷ  ᠪᠠ ᠨᠠᠰᠤᠲᠠᠨ᠎ᠢ ᠠᠰᠠᠷᠠᠬᠤ ᠬᠦᠷᠢᠶᠡᠯᠡᠩ᠎ᠳᠤ ᠭᠦᠨᠵᠡᠭᠡᠢ᠌ᠷᠡᠵᠦ᠂ ᠨᠠᠰᠤᠲᠠᠢ᠌ᠴᠤᠳ᠎ᠤᠨ ᠢᠳᠡᠭᠡᠨ ᠤᠮᠳᠠᠭ᠋ᠠᠨ᠎ᠤ ᠲᠤᠰᠬᠠᠢ ᠮᠡᠷᠭᠡᠵᠢᠯ᠎ᠤᠨ ᠵᠢᠯᠤᠭᠤᠳᠤᠯᠭ᠎ᠠ ᠥᠷᠨᠢᠭᠦᠯᠪᠡ᠃ ᠠᠵᠢᠯᠯᠠᠭ᠎ᠠ᠎ᠨᠢ ᠨᠠᠰᠤᠲᠠᠢ᠌ᠴᠤᠳ᠎ᠤᠨ ᠢᠳᠡᠭᠡᠨ ᠤᠮᠳᠠᠭ᠋ᠠᠨ᠎ᠤ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠢᠳᠡᠭᠡᠨ᠎ᠤ ᠮᠠᠲ᠋ᠧᠷᠢᠶᠠᠯ᠎ᠢ ᠰᠣᠩᠭᠣᠬᠤ᠂ ᠰᠢᠮ᠎ᠡ ᠲᠡᠵᠢᠭᠡᠯ᠎ᠢ ᠲᠣᠬᠢᠷᠠᠭᠤᠯᠬᠤ᠂ ᠬᠣᠭᠣᠯᠠ ᠬᠢᠬᠦ ᠠᠷᠭ᠎ᠠ ᠵᠡᠷᠭᠡ ᠭᠣᠭᠴᠣᠭ᠎ᠠ ᠵᠢᠨ ᠲᠣᠭᠣᠷᠢᠨ᠎ᠳᠤ ᠪᠥᠬᠥ ᠲᠠᠯ᠎ᠠ ᠵᠢᠨ ᠵᠢᠯᠣᠭᠣᠳᠤᠯᠭ᠎ᠠ ᠬᠢᠵᠦ᠂ ᠢᠳᠡᠭᠡᠨ ᠤᠮᠳᠠᠭ᠋ᠠᠨ᠎ᠤ ᠬᠠᠩᠭ᠋ᠠᠯᠭ᠎ᠠ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠨᠠᠰᠤᠲᠠᠢ᠌ᠴᠤᠳ᠎ᠲᠤ ᠰᠢᠮ᠎ᠡ ᠲᠡᠵᠢᠭᠡᠯ ᠪᠦᠬᠦᠢ᠂ ᠢᠳᠡᠵᠤ ᠤᠤᠭᠤᠬᠤ᠎ᠳᠤ ᠲᠤᠬᠢᠷᠠᠮᠵᠢᠳᠠᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠬᠤ᠎ᠪᠠᠷ ᠴᠢᠷᠮᠠᠢ᠌ᠵᠤ᠂ ᠨᠠᠰᠤᠲᠠᠢ᠌ᠴᠤᠳ᠎ᠤᠨ ᠢᠳᠡᠭᠡᠨ ᠤᠮᠳᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠨᠠᠰᠤᠲᠠᠢ᠌ᠴᠤᠳ᠎ᠤᠨ ᠬᠣᠭᠣᠯᠠ ᠤᠮᠳᠠᠭ᠋ᠠᠨ᠎ᠤ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠠᠭᠤᠷᠢ ᠵᠢ ᠪᠠᠳᠤᠳᠬᠠᠬᠰᠠᠨ ᠪᠠᠢ᠌ᠨ᠎ᠠ᠃

 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.28
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.30
 
            