ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ᠎ᠬᠢᠨ ᠬᠠᠮᠳᠤᠷᠠᠨ 5 ᠳ᠋ᠤᠭ᠋ᠠᠷ ᠰᠠᠷ᠎ᠠ ᠵᠢᠨ 14᠎ᠤ ᠡᠳᠤᠷ 《ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ᠎ᠤᠨ ᠪᠠᠢ᠌ᠴᠠᠭ᠋ᠠᠯᠲᠠ ᠳᠤᠮᠳᠠ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠡᠦᠬᠡ ᠰᠣᠶᠣᠯ ᠪᠠ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠠᠵᠢᠯ᠎ᠢ ᠬᠠᠮᠵᠢᠯᠴᠠᠨ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠬᠤ᠎ᠳᠤ᠎ᠪᠠᠨ ᠰᠦᠪᠡᠭᠴᠢ ᠵᠢ ᠢᠳᠡᠪᠬᠢᠲᠡᠢ᠎ᠪᠠᠷ ᠡᠮᠬᠢᠯᠡᠵᠦ᠂ ᠪᠠᠷᠢᠮᠵᠢᠶᠠᠲᠤ ᠮᠡᠳᠡᠭᠡ ᠵᠠᠩᠭᠢ ᠵᠢ ᠬᠠᠩᠭ᠋ᠠᠵᠤ᠂ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠣᠷᠣᠨ ᠬᠤᠪᠢᠶᠠᠷᠢᠯᠠᠯ᠎ᠤᠨ ᠲᠡᠦᠬᠡ ᠰᠣᠶᠣᠯ ᠪᠣᠯᠣᠨ ᠭᠠᠵᠠᠷ᠎ᠤᠨ ᠨᠡᠷᠡᠰ᠎ᠤᠨ ᠰᠣᠶᠣᠯ᠎ᠤᠨ ᠥᠪ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠨᠠᠭᠰᠢᠳᠠ ᠴᠢᠩᠭ᠋ᠠᠳᠬᠠᠵᠤ᠂ ᠳᠥᠷᠪᠡᠳᠦᠭᠡᠷ ᠤᠳᠠᠭ᠎ᠠ ᠵᠢᠨ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠠᠵᠢᠯ᠎ᠢ ᠬᠠᠮᠳᠤ᠎ᠪᠠᠷ ᠰᠠᠢ᠌ᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
ᠶᠡᠷᠤᠡᠭᠭᠡᠢ᠌ᠯᠡᠭᠰᠡᠨ ᠠᠵᠢᠯ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠲᠦᠮᠡᠨ ᠡᠷᠦᠬᠡ᠎ᠳᠤ ᠬᠦᠷᠭᠡᠵᠦ᠂ ᠠᠷᠠᠳ᠎ᠤᠨ ᠠᠮᠢᠳᠤᠷᠠᠯ᠎ᠳᠤ ᠪᠤᠶᠠᠨ ᠵᠢᠷᠭ᠋ᠠᠯ ᠡᠳ᠋ᠯᠡᠭᠦᠯᠵᠦ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠰᠢᠷᠢᠰ ᠤᠬᠠᠭᠤᠯᠭ᠎ᠠ ᠵᠢᠨ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠪᠡ᠃ 《ᠭᠠᠷᠠᠭ᠎ᠤᠨ ᠰᠤᠷᠤᠯᠴᠠᠯᠭ᠎ᠠ᠂ ᠤᠯᠠᠷᠢᠯ᠎ᠤᠨ ᠮᠥᠷᠥᠢ᠌ᠴᠡᠭᠡᠨ᠂ ᠵᠢᠯ᠎ᠤᠨ ᠬᠢᠨᠠᠨ ᠰᠢᠯᠭ᠋ᠠᠯᠲᠠ》 ᠵᠢᠨ ᠠᠷᠠᠳ᠎ᠤᠨ ᠶᠠᠪᠤᠳᠠᠯ᠎ᠤᠨ ᠺᠠᠳ᠋ᠷ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ 《ᠲᠤᠬᠠᠢ᠌ᠯᠠᠭᠰᠠᠨ ᠠᠵᠢᠯ᠎ᠤᠨ ᠮᠡᠳᠡᠯᠭᠡ ᠵᠢ ᠪᠢ ᠶᠠᠷᠢᠬᠤ》᠂ 《ᠠᠷᠠᠳ᠎ᠤᠨ ᠶᠠᠪᠤᠳᠠᠯ᠎ᠤᠨ ᠬᠢᠴᠢᠶᠡᠯ》 ᠵᠡᠷᠭᠡ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢᠨ ᠲᠤᠰᠬᠠᠢ ᠪᠣᠯᠪᠠᠰᠤᠷᠠᠯ᠎ᠢ 12 ᠲᠠᠯᠠᠪᠤᠷ ᠥᠷᠨᠢᠭᠦᠯᠪᠡ᠃ 《ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠪᠦᠬᠦᠨ᠎ᠳᠤ ᠲᠣᠬᠢᠷᠠᠬᠤ ᠺᠠᠷᠲ》᠎ᠢ 1 ᠲᠦᠮᠡ ᠭᠠᠷᠤᠢ ᠳᠡᠪᠲᠡᠷ ᠨᠠᠢ᠌ᠷᠠᠭᠤᠯᠤᠨ ᠳᠠᠷᠤᠮᠠᠯᠯᠠᠨ ᠲᠠᠷᠬᠠᠭ᠋ᠠᠬᠰᠠᠨᠤ ᠬᠠᠮᠳᠤ ᠠᠯᠪᠠᠨ᠎ᠤ ᠸᠢᠴᠠᠲ᠂ ᠨᠡᠢ᠌ᠭᠡᠮ ᠲᠣᠭᠣᠷᠢᠭ᠎ᠤᠨ ᠸᠢᠴᠠᠲ ᠵᠡᠷᠭᠡ ᠲᠠᠪᠴᠠᠩ᠎ᠳᠤ ᠲᠦᠰᠢᠭᠯᠡᠨ ᠲᠣᠭᠲᠠᠮᠠᠯ ᠬᠤᠭᠤᠴᠠᠭ᠎ᠠ᠎ᠲᠠᠢ᠎ᠪᠠᠷ ᠬᠦᠷᠬᠡᠪᠡ᠃ 《 ᠬᠡᠷ᠎ᠲᠤ᠎ᠨᠢ ᠤᠴᠢᠵᠤ ᠤᠢ᠌ᠯᠠᠭ᠋ᠠᠬᠤ ᠠᠵᠢᠯᠯᠠᠭ᠎ᠠ》 ᠵᠢ ᠰᠠᠨᠠᠭ᠋ᠠᠴᠢᠯᠠᠭ᠎ᠠ᠎ᠠᠴᠠ᠎ᠪᠠᠨ ᠥᠷᠨᠢᠭᠦᠯᠵᠦ᠂ 《ᠨᠠᠰᠤᠳᠠᠢ᠌ᠴᠤᠳ ᠬᠡᠤᠬᠡᠳ ᠪᠠ ᠬᠦᠴᠢᠷᠳᠡᠯ᠎ᠲᠠᠢ》 ᠵᠡᠷᠭᠡ ᠣᠨᠴᠠᠭ᠋ᠠᠶ ᠬᠦᠮᠦᠰ᠎ᠤᠨ ᠲᠤᠬᠠᠢ ᠬᠠᠨᠳᠤᠯᠭ᠋ᠠᠲᠤ ᠲᠥᠷᠥ ᠵᠢᠨ ᠪᠣᠳᠣᠯᠭ᠎ᠠ ᠵᠢ ᠴᠢᠩᠭ᠎ᠠ ᠠᠳᠬᠤᠪᠠ᠃
ᠣᠷᠣᠨ ᠬᠤᠪᠢᠶᠠᠷᠢᠯᠠᠯ ᠭᠠᠵᠠᠷ᠎ᠤᠨ ᠨᠡᠷᠡᠰ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠤ ᠵᠢᠯ ᠬᠣᠲᠣᠩ ᠠᠷᠠᠳ᠎ᠤᠨ ᠲᠣᠭᠣᠷᠢᠭ᠂ ᠢᠤᠢ᠍ᠢ᠍ᠴᠢᠦᠦᠠᠨ ᠲᠣᠭᠣᠷᠢᠭ᠎ᠲᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ 《ᠬᠥᠳᠡᠭᠡ ᠲᠣᠰᠬᠣᠨ᠎ᠤ ᠨᠡᠷᠡᠰᠢᠬᠦᠯᠬᠦ ᠠᠵᠢᠯᠯᠠᠭ᠎ᠠ》ᠵᠢ ᠥᠷᠨᠢᠭᠦᠯᠵᠡᠢ᠃ ᠣᠳᠣᠬᠠᠨ᠎ᠳᠤ ᠬᠠᠷᠢᠶ᠎ᠠ ᠣᠷᠣᠨ᠎ᠤ᠎ᠪᠠᠨ 31 ᠵᠠᠰᠠᠭ ᠵᠠᠬᠢᠷᠭ᠋ᠠᠨ᠎ᠤ ᠲᠣᠰᠬᠣᠨ᠎ᠤ 426 ᠨᠡᠷ᠎ᠡ ᠦᠭᠡᠢ ᠵᠠᠮ᠎ᠢ ᠡᠷᠢᠵᠦ ᠭᠠᠷᠭ᠋ᠠᠬᠤ ᠠᠵᠢᠯ᠎ᠢ ᠨᠢᠭᠡᠨᠲᠡ ᠪᠡᠶᠡᠯᠡᠭᠦᠯᠦᠭᠰᠡᠨ ᠪᠥᠭᠡᠳ ᠵᠡᠭᠡᠯᠢ ᠭᠤᠳᠤᠮᠵᠢ ᠰᠢᠶᠠᠩ ᠪᠠᠯᠭ᠋ᠠᠰᠤᠨ᠎ᠤ ᠠᠷᠠᠳ᠎ᠤᠨ ᠶᠠᠪᠤᠳᠠᠯ᠎ᠤᠨ ᠬᠠᠪᠰᠤᠷᠤᠭᠴᠢ᠎ᠲᠠᠢ ᠬᠠᠮᠲᠤᠷᠠᠨ᠂ 《ᠬᠥᠳᠡᠭᠡ ᠲᠣᠰᠬᠣᠨ᠎ᠤ ᠨᠡᠷᠡᠰᠢᠬᠦᠯᠬᠦ ᠠᠵᠢᠯᠯᠠᠭ᠎ᠠ》 ᠭᠡᠬᠦ\ ᠲᠠᠪᠴᠠᠡᠭ ᠵᠶ᠋ᠡᠷ ᠲᠣᠰᠬᠣᠨ᠎ᠤ ᠰᠠᠭᠤᠭ᠋ᠠᠯᠢ ᠠᠷᠠᠳ᠎ᠤᠨ ᠴᠡᠭ᠂ ᠪᠠᠢ᠌ᠭ᠋ᠠᠯᠢ ᠵᠢᠨ ᠭᠠᠵᠠᠷ ᠵᠦᠢ ᠵᠢᠨ ᠪᠣᠳᠠᠲᠤ ᠴᠣᠭᠴᠠ᠂ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ᠂ ᠬᠥᠳᠡᠭᠡ ᠲᠣᠰᠬᠣᠨ᠎ᠤ ᠵᠤᠭ᠋ᠠᠴᠠᠯ᠎ᠤᠨ ᠦᠵᠡᠮᠵᠢ ᠵᠢᠨ ᠭᠠᠵᠠᠷ ᠵᠡᠷᠭᠡ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠴᠤᠭᠯᠠᠭᠤᠯᠵᠤ ᠬᠥᠳᠡᠭᠡ ᠲᠣᠰᠬᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠦᠴᠦᠨ ᠨᠡᠮᠡᠷᠢᠯᠡᠵᠡᠢ᠃
ᠨᠠᠰᠤᠵᠢᠯ᠎ᠤᠨ ᠦᠢ᠍ᠯᠡᠴᠢᠯᠡᠭᠡ
ᠰᠢᠯᠢ ᠵᠢᠨ ᠭᠣᠣᠯ ᠠᠢ᠌ᠮᠠᠭ᠎ᠤᠨ᠎ᠬᠢᠨ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠵᠢᠨ ᠲᠦᠯᠤᠬᠡ ᠣᠯᠠᠨ ᠰᠠᠯᠠᠭ᠎ᠠ ᠮᠥᠴᠢᠷ᠎ᠤᠨ᠎ᠬᠢᠨ ᠬᠣᠯᠪᠤᠭ᠋ᠠᠯᠠᠨ ᠬᠥᠳᠡᠯᠦᠯᠴᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠦᠢ᠍ᠯᠡᠳᠦᠯ᠎ᠢ ᠪᠠᠳᠠᠷᠠᠭᠤᠯᠤᠨ᠂ ᠨᠠᠰᠤᠵᠢᠯ᠎ᠤᠨ ᠠᠰᠠᠷᠠᠭᠴᠢ᠂ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠭᠴᠢ ᠵᠡᠷᠭᠡ ᠠᠵᠢᠯ ᠤᠨ ᠴᠢᠳᠠᠪᠤᠷᠢ ᠵᠢᠨ ᠪᠣᠯᠪᠠᠰᠤᠷᠠᠯ᠂ ᠦᠨᠡᠯᠡᠨ ᠬᠠᠮᠢᠶᠠᠷᠬᠤ ᠪᠠ ᠵᠡᠷᠭᠡ ᠳᠡᠰ᠎ᠢ ᠮᠠᠭ᠋ᠠᠳᠯᠠᠨ ᠲᠣᠭᠲᠠᠭ᠋ᠠᠬᠤ ᠵᠢ ᠴᠢᠡᠭᠭ᠋ᠠᠷᠠᠭᠤᠯᠤᠭ᠋ᠠᠳ ᠣᠳᠣᠬᠠᠨ᠎ᠳᠤ ᠪᠣᠳᠠᠲᠠᠢ ᠪᠣᠯᠪᠠᠰᠤᠷᠠᠯ᠎ᠤᠨ ᠰᠠᠭᠤᠷᠢᠨ ᠭᠠᠵᠠᠷ᠎ᠢ 2 ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠷᠭᠡᠵᠢᠯ ᠴᠢᠳᠠᠪᠤᠷᠢ᠂ ᠬᠠᠮᠢᠶᠠᠷᠤᠯᠲᠠ ᠵᠢᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠪᠠ᠃ ᠡᠭᠦᠨ᠎ᠤ ᠬᠠᠮᠲᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠡᠨᠡ ᠵᠢᠯ ᠪᠥᠬᠥ ᠠᠢ᠌ᠮᠠᠭ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠵᠢ 450 ᠬᠥᠮᠥᠨ ᠤᠳᠠᠭ᠎ᠠ ᠪᠣᠯᠪᠠᠰᠤᠷᠠᠭᠤᠯᠵᠤ᠂ ᠣᠨ᠎ᠤ ᠠᠵᠢᠯ᠎ᠤᠨ ᠡᠭᠦᠷᠭᠡ᠎ᠪᠠᠨ ᠤᠷᠢᠳᠴᠢᠯᠠᠨ ᠪᠡᠶᠡᠯᠡᠭᠦᠯᠪᠡ᠃
ᠣᠷᠣᠨ᠎ᠤ ᠭᠠᠳᠠᠨᠠᠬᠢ ᠮᠡᠳᠡᠭᠡ ᠵᠠᠩᠭᠢ
ᠪᠡᠭᠡᠵᠢᠩ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ᠎ᠬᠢᠨ ᠤᠷᠴᠢᠮ᠎ᠳᠤ 《ᠰᠢᠨ᠎ᠡ ᠴᠠᠭ ᠦᠶ᠎ᠡ ᠵᠢᠨ ᠨᠡᠢ᠌ᠰᠯᠡᠯ᠎ᠤᠨ 〈ᠪᠤᠭᠤᠷᠤᠯᠴᠤᠳ᠎ᠤᠨ ᠤᠨ᠎ᠤ ᠠᠵᠢᠯᠯᠠᠭ᠎ᠠ〉 ᠵᠢ ᠭᠦᠨᠵᠡᠭᠡᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠬᠡᠷᠡᠭᠵᠢᠭᠦᠯᠬᠦ ᠰᠠᠨᠠᠯ᠎ᠳᠤ 2025 ᠣᠨ᠎ᠤ ᠡᠴᠦᠰ ᠪᠣᠯᠬᠤ᠎ᠳᠤ ᠡᠯ᠎ᠡ ᠬᠦᠷᠢᠶ᠎ᠡ ᠴᠠᠷᠠᠭ᠎ᠠ᠎ᠳᠠᠬᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢ ᠥᠷᠨᠢᠩᠭᠦᠢ ᠬᠥᠭᠵᠢᠭᠦᠯᠵᠦ᠂ ᠦᠢ᠍ᠯᠡᠴᠢᠯᠡᠭᠡᠨ᠎ᠤ ᠲᠠᠪᠴᠠᠩ᠎ᠢ ᠦᠨᠳᠦᠰᠦᠨ᠎ᠳᠤ᠎ᠪᠠᠨ ᠪᠠᠢ᠌ᠭᠤᠯᠵᠤ ᠳᠠᠭᠤᠰᠬᠠᠨ᠎ᠠ᠃ 2026 ᠣᠨ ᠪᠣᠯᠬᠤ᠎ᠳᠤ 《 ᠪᠤᠭᠤᠷᠤᠯᠴᠤᠳ᠎ᠤᠨ ᠣᠨ᠎ᠤ ᠠᠵᠢᠯᠯᠠᠭ᠎ᠠ》 ᠵᠢ ᠵᠢᠷᠤᠮᠵᠢᠭᠤᠯᠬᠤ᠂ ᠳᠦᠷᠢᠮᠵᠢᠭᠦᠯᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠰᠤᠲᠠᠢ᠌ᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠤᠷᠳᠤᠮᠵᠢ ᠵᠢᠨ ᠲᠥᠷᠥᠯ ᠵᠦᠢ᠍ᠯ ᠪᠣᠯᠭ᠋ᠠᠨ᠎ᠠ᠃ 2028 ᠣᠨ ᠪᠣᠯᠬᠤ᠎ᠳᠤ᠂ 《ᠪᠤᠭᠤᠷᠤᠯᠴᠤᠳ᠎ᠤᠨ ᠣᠨ᠎ᠤ ᠠᠵᠢᠯᠯᠠᠭ᠎ᠠ》 ᠵᠢᠨ ᠲᠣᠭᠲᠠᠴᠠ ᠵᠢ ᠨᠠᠩ ᠲᠡᠬᠦᠯᠳᠡᠷᠵᠢᠬᠦᠯᠤᠨ ᠳᠦᠷᠢᠮ᠎ᠢ ᠨᠠᠩ ᠪᠦᠷᠢᠨᠰᠢᠭᠦᠯᠵᠦ᠂ ᠬᠠᠮᠢᠶᠠᠷᠤᠯᠲᠠ ᠵᠢ ᠨᠠᠩ ᠵᠢᠷᠤᠮᠵᠢᠭᠤᠯᠤᠨ᠂ ᠨᠡᠢ᠌ᠰᠯᠡᠯ᠎ᠤᠨ ᠨᠠᠰᠤᠲᠠᠢ᠌ᠴᠤᠳ᠎ᠤᠨ ᠨᠡᠢ᠌ᠭᠡᠮ ᠨᠡᠶ᠋ᠢᠲᠡ᠎ᠪᠠᠷ ᠵᠶ᠋ᠡᠨ ᠣᠷᠣᠯᠴᠠᠬᠤ᠂ ᠥᠲᠡᠯᠪᠡᠯ ᠬᠢᠬᠦ ᠶᠠᠭᠤᠮ᠎ᠠ᠎ᠲᠠᠢ ᠪᠣᠯᠬᠤ ᠴᠢᠬᠤᠯᠠ ᠨᠠᠷᠠᠲᠤ ᠲᠡᠮᠳᠡᠭ ᠪᠣᠯᠭ᠋ᠠᠨ᠎ᠠ᠃