ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠂ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠤᠨ᠎ᠬᠢᠨ ᠤᠷᠴᠢᠮ᠎ᠳᠤ 《ᠪᠥᠬᠥ ᠤᠯᠤᠰ᠎ᠤᠨ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠵᠤ ᠨᠠᠰᠤᠲᠠᠨ ᠵᠶ᠋ᠠᠨ ᠲᠤᠰᠠᠯᠠᠬᠤ ᠠᠵᠢᠯᠯᠠᠭ᠎ᠠ ᠵᠢ ᠰᠢᠯᠭ᠋ᠠᠷᠠᠭᠤᠯᠬᠤ ᠠᠵᠢᠯ᠎ᠤᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃ ᠲᠣᠰ 《ᠠᠷᠭ᠎ᠠ》 ᠳᠤ᠂ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ ᠮᠡᠳᠡᠭᠳᠡᠯ ᠪᠠᠭᠤᠯᠭ᠋ᠠᠵᠤ᠂ 2025 ᠣᠨ᠎ᠤ ᠪᠥᠬᠥ ᠤᠯᠤᠰ᠎ᠤᠨ ᠨᠠᠰᠤᠲᠠᠢ᠌ᠴᠤᠳ᠎ᠢ ᠬᠦᠨᠳᠦᠯᠡᠵᠦ ᠨᠠᠰᠤᠲᠠᠢ᠌ᠴᠤᠳ᠎ᠢ ᠬᠠᠢ᠌ᠷᠠᠯᠠᠬᠤ ᠨᠠᠰᠤᠲᠠᠢ᠌ᠴᠤᠳ᠎ᠢ ᠲᠤᠰᠠᠯᠠᠬᠤ ᠠᠵᠢᠯᠯᠠᠭ᠎ᠠ ᠵᠢᠨ ᠰᠢᠯᠭ᠋ᠠᠷᠠᠭᠤᠯᠤᠯᠲᠠ ᠵᠢ ᠥᠷᠨᠢᠭᠦᠯᠬᠦ᠎ᠪᠠᠷ ᠲᠣᠭᠲᠠᠵᠤ᠂ ᠪᠥᠬᠥ ᠤᠯᠤᠰ᠎ᠤᠨ ᠨᠠᠰᠤᠲᠠᠢ᠌ᠴᠤᠳ᠎ᠢ ᠬᠦᠨᠳᠦᠯᠡᠵᠦ ᠨᠠᠰᠤᠲᠠᠢ᠌ᠴᠤᠳ᠎ᠢ ᠬᠠᠢ᠌ᠷᠠᠯᠠᠬᠤ ᠨᠠᠰᠤᠲᠠᠢ᠌ᠴᠤᠳ᠎ᠢ ᠲᠤᠰᠠᠯᠠᠬᠤ ᠠᠵᠢᠯᠯᠠᠭ᠎ᠠ ᠵᠢᠨ ᠰᠢᠯᠭ᠋ᠠᠷᠠᠭᠤᠯᠤᠯᠲᠠ ᠵᠢᠨ ᠱᠠᠩᠨᠠᠯ᠎ᠳᠤ ᠪᠥᠬᠥ ᠤᠯᠤᠰ᠎ᠤᠨ 《ᠨᠠᠰᠤᠲᠠᠢ᠌ᠴᠤᠳ᠎ᠢ ᠬᠦᠨᠳᠦᠯᠡᠬᠦ ᠪᠣᠯᠪᠠᠰᠤᠨ ᠨᠡᠷᠡᠮᠵᠢᠲᠦ》᠂ ᠪᠥᠬᠥ ᠤᠯᠤᠰ᠎ᠤᠨ 《ᠨᠠᠰᠤᠲᠠᠢ᠌ᠴᠤᠳ᠎ᠢ ᠬᠦᠨᠳᠦᠯᠡᠵᠦ ᠨᠠᠰᠤᠲᠠᠢ᠌ᠴᠤᠳ᠎ᠢ ᠬᠠᠢ᠌ᠷᠠᠯᠠᠬᠤ ᠨᠠᠰᠤᠲᠠᠢ᠌ᠴᠤᠳ᠎ᠢ ᠲᠤᠰᠠᠯᠠᠬᠤ ᠵᠢᠱ᠌ᠢᠶᠡᠴᠢ ᠬᠥᠮᠥᠰ》 ᠪᠠᠭᠲᠠᠨ᠎ᠠ ᠬᠡᠵᠡᠢ᠃ ᠡᠭᠦᠨ᠎ᠳᠤ᠂ ᠪᠦᠬᠦ ᠤᠯᠤᠰ᠎ᠤᠨ 《ᠨᠠᠰᠤᠲᠠᠨ ᠵᠶ᠋ᠠᠨ ᠬᠦᠨᠳᠦᠯᠡᠬᠦ ᠪᠣᠯᠪᠠᠰᠤᠨ ᠨᠢᠬᠡᠴᠢ》 ᠵᠢ 1300᠎ᠠᠴᠠ ᠳᠠᠪᠠᠭᠤᠯᠵᠤ ᠪᠣᠯᠬᠤ ᠦᠭᠡᠢ᠂ ᠪᠦᠬᠦ ᠤᠯᠤᠰ᠎ᠤᠨ 《ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠬᠠᠢ᠌ᠷᠠᠯᠠᠵᠤ ᠨᠠᠰᠤᠲᠠᠨ ᠵᠶ᠋ᠠᠨ ᠬᠠᠪᠰᠤᠷᠬᠤ ᠵᠢᠱ᠌ᠢᠶᠡᠴᠢ ᠬᠥᠮᠥᠰ》᠎ᠢ 2000᠎ᠠᠴᠠ ᠳᠠᠪᠠᠭᠤᠯᠵᠤ ᠪᠣᠯᠬᠤ ᠦᠭᠡᠢ ᠭᠡᠵᠤ ᠲᠤᠬᠳᠠᠭ᠋ᠠᠯ᠎ᠠ᠃
ᠨᠡᠢ᠌ᠭᠡᠮ᠎ᠤᠨ ᠲᠤᠰᠠᠯᠠᠮᠵᠢ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠷᠠᠳ᠎ᠤᠨ ᠶᠠᠪᠤᠳᠠᠯ᠎ᠤᠨ ᠨᠡᠢ᠌ᠭᠡᠮ᠎ᠤᠨ ᠲᠤᠰᠠᠯᠠᠮᠵᠢ ᠵᠢᠨ ᠬᠠᠮᠤᠭ᠎ᠤᠨ ᠰᠢᠨ᠎ᠡ ᠲᠥᠷᠥ ᠵᠢᠨ ᠪᠣᠳᠣᠯᠭ᠎ᠠ ᠵᠢ ᠢᠳᠡᠪᠬᠢᠲᠡᠢ ᠲᠤᠭᠤᠰᠢᠯᠠᠭᠤᠯᠵᠤ᠂ ᠲᠤᠰᠠᠯᠠᠮᠵᠢ ᠵᠢᠨ ᠮᠠᠭ᠋ᠠᠳᠯᠠᠨ ᠲᠣᠭᠲᠠᠭ᠋ᠠᠬᠤ ᠨᠥᠬᠥᠴᠡᠯ᠎ᠢ ᠠᠭᠤᠵᠢᠭᠤ ᠲᠠᠯᠪᠢᠵᠤ᠂ ᠨᠠᠰᠤᠨ᠎ᠳᠤ ᠭᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ᠎ᠲᠤ 《ᠭᠠᠭᠴᠠ ᠬᠥᠮᠥᠨ᠎ᠤ ᠡᠷᠦᠬᠡ》᠎ᠪᠠᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠭᠤᠶᠤᠴᠢᠯᠠᠵᠤ ᠪᠣᠯᠣᠨ᠎ᠠ ᠭᠡᠵᠦ ᠲᠣᠭᠲᠠᠭ᠋ᠠᠪᠠ᠃ 《ᠪᠣᠳᠠᠰ + ᠦᠢ᠍ᠯᠡᠴᠢᠯᠡᠭᠡ》 ᠵᠢᠨ ᠵᠠᠭᠪᠤᠷ ᠵᠢ ᠡᠭᠦᠳᠴᠦ᠂ ᠡᠮᠨᠡᠯᠭᠡ᠎ᠪᠠᠷ ᠲᠤᠰᠠᠯᠠᠬᠤ᠂ ᠰᠤᠷᠤᠯᠭ᠎ᠠ ᠵᠢ ᠲᠡᠳᠬᠦᠬᠦ ᠵᠡᠷᠭᠡ ᠲᠤᠰᠬᠠᠢ ᠲᠡᠳᠬᠦᠮᠵᠢ ᠵᠢᠨ ᠠᠵᠢᠯ᠎ᠢ ᠦᠷᠨᠢᠬᠦᠯᠪᠡ᠃ ᠲᠣᠮᠣ ᠳ᠋ᠠᠢ᠌ᠲ᠋ᠠ ᠵᠢ ᠠᠰᠢᠭᠯᠠᠨ ᠲᠤᠰᠠᠯᠠᠮᠵᠢ ᠬᠦᠷᠳᠡᠭᠰᠡᠳ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠤᠨᠢᠨ ᠳᠡᠭᠡᠷ᠎ᠡ᠎ᠨᠢ ᠢᠯᠭ᠋ᠠᠨ ᠲᠠᠨᠢᠬᠤ ᠵᠢ ᠪᠡᠶᠡᠯᠡᠭᠦᠯᠵᠦ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠨᠡᠢ᠌ᠭᠡᠮ᠎ᠤᠨ ᠲᠤᠰᠠᠯᠠᠮᠵᠢ ᠵᠢᠨ ᠳᠤᠯᠠᠭ᠋ᠠᠴᠠ ᠪᠣᠯᠣᠨ ᠪᠣᠳᠠᠲᠤ ᠦᠷ᠎ᠡ ᠪᠦᠲᠦᠮᠵᠢ ᠵᠢ ᠪᠦᠲᠦᠮᠵᠢᠲᠡᠢ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ᠎ᠳᠤ ᠨᠡᠩ ᠴᠢᠨᠰᠠᠭ᠎ᠠ᠎ᠲᠠᠢ ᠲᠡᠳᠬᠦᠮᠵᠢ ᠵᠢᠨ ᠪᠠᠳᠤᠯᠠᠭ᠎ᠠ ᠬᠠᠡᠭᠭ᠋ᠠᠬᠤ ᠪᠤᠯᠤᠨ᠎ᠠ᠃
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ 《 ᠬᠡᠷ᠎ᠲᠤ᠎ᠨᠢ ᠬᠦᠷᠴᠦ ᠮᠡᠳᠡᠭᠳᠡᠬᠦ》 ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠨᠢᠬᠡ ᠪᠦᠯᠦᠭ ᠳᠠᠭ᠋ᠠᠭ᠋ᠠᠴᠢᠯᠠᠭᠰᠠᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯ᠎ᠲᠠᠢ ᠬᠥᠮᠥᠰ᠎ᠢ ᠠᠰᠠᠷᠠᠨ ᠲᠡᠵᠢᠭᠡᠬᠦ ᠪᠠ ᠲᠦᠷ ᠴᠠᠭ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠭᠦᠨᠵᠡᠭᠡᠢ ᠲᠠᠢ᠌ᠯᠪᠤᠷᠢᠯᠠᠵᠤ᠂ ᠸᠢᠴᠠᠲ᠂ 《ᠥᠪᠥᠷ ᠮᠣᠩᠭᠣᠯ᠎ᠤᠨ ᠲᠤᠰᠠᠯᠠᠮᠵᠢ ᠵᠢᠨ ᠰᠤᠹᠲ》 ᠵᠡᠷᠭᠡ ᠲᠠᠪᠴᠠᠩ ᠵᠶ᠋ᠠᠷ ᠳᠠᠮᠵᠢᠭᠤᠯᠤᠨ 《ᠲᠤᠰᠠᠯᠠᠮᠵᠢ ᠵᠢᠨ ᠨᠠᠷᠢᠨ ᠲᠠᠩᠰᠠ》 ᠵᠢ ᠲᠠᠷᠬᠠᠭ᠋ᠠᠵᠤ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠣᠯᠠᠨ ᠠᠷᠭ᠎ᠠ᠎ᠪᠠᠷ ᠤᠬᠠᠭᠤᠯᠤᠭ᠋ᠠᠳ ᠲᠤᠰᠠᠯᠠᠮᠵᠢ ᠵᠢᠨ ᠦᠢ᠍ᠯᠡᠴᠢᠯᠡᠭᠡ ᠵᠢ 《ᠬᠥᠮᠥᠨ᠎ᠨᠢ ᠊ᠤ᠋ ᠲᠥᠷᠥ ᠵᠢᠨ ᠪᠣᠳᠣᠯᠭ᠎ᠠ》 ᠵᠢ ᠡᠷᠢᠵᠤ ᠪᠠᠢ᠌ᠭᠰᠠᠨ᠎ᠠᠴᠠ 《ᠲᠥᠷᠥ ᠵᠢᠨ ᠪᠣᠳᠣᠯᠭ᠎ᠠ᠎ᠨᠢ ᠬᠥᠮᠥᠨ᠎ᠢ ᠡᠷᠢᠬᠦ》 ᠲᠡᠢ᠌ᠰᠢ ᠬᠤᠪᠢᠷᠠᠭᠤᠯᠬᠤ ᠠᠵᠢᠯ᠎ᠢ ᠠᠬᠢᠭᠤᠯᠪᠠ᠃ ᠤᠨᠴᠠᠭ᠋ᠠᠢ᠌ᠯᠠᠨ ᠦᠨᠤ ᠵᠢᠯ ᠰᠢᠨ᠎ᠡ᠎ᠪᠠᠷ ᠨᠡᠮᠡᠭᠳᠡᠭᠰᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠳᠤ ᠣᠷᠣᠭᠤᠯᠤᠭᠰᠠᠨ 157 ᠬᠥᠮᠥᠨ᠎ᠢ ᠰᠠᠨᠠᠭ᠋ᠠᠴᠢᠯᠠᠭ᠎ᠠ᠎ᠠᠴᠠ᠎ᠪᠠᠨ ᠪᠠᠢ᠌ᠴᠠᠭ᠋ᠠᠨ ᠭᠠᠷᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠪᠠ ᠭᠥᠷᠳᠡᠬᠦ ᠲᠥᠷᠥᠭᠳᠡᠯ᠎ᠢ ᠦᠨᠡᠨ ᠬᠦ᠌ ᠳᠡᠭᠡᠭᠰᠢᠯᠡᠭᠦᠯᠵᠦ᠂ ᠲᠤᠰᠠᠯᠠᠮᠵᠢ ᠵᠢᠨ ᠲᠥᠷᠥ ᠵᠢᠨ ᠪᠣᠳᠣᠯᠭ᠎ᠠ᠎ᠪᠠᠷ ᠨᠠᠩ ᠣᠯᠠᠨ ᠬᠡᠷᠡᠭᠴᠡᠭᠡ ᠪᠦᠬᠦᠢ ᠬᠦᠮᠦᠰ᠎ᠲᠤ ᠨᠠᠷᠢᠯᠢᠭ ᠣᠨᠣᠴᠠᠲᠠᠢ᠎ᠪᠠᠷ ᠠᠰᠢᠭ ᠬᠦᠷᠲᠡᠭᠡᠬᠦ ᠵᠢ ᠪᠠᠲᠤᠯᠠᠪᠠ᠃
ᠨᠠᠰᠤᠲᠠᠢ᠌ᠴᠤᠳ᠎ᠤᠨ ᠠᠵᠢᠯ
ᠬᠥᠮᠥᠨ ᠠᠮᠠ ᠵᠢᠨ ᠨᠠᠰᠤᠵᠢᠯᠲᠠ ᠵᠢᠨ ᠬᠠᠨᠳᠤᠰᠢ ᠵᠢᠨ ᠡᠮᠦᠨ᠎ᠡ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠵᠢᠯ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠢᠳᠡᠪᠬᠢᠲᠡᠢ ᠭᠦᠢ᠍ᠴᠡᠳᠬᠡᠵᠦ 《ᠬᠢᠩᠭ᠋ᠠᠨ ᠠᠢ᠌ᠮᠠᠭ᠎ᠤᠨ ᠪᠤᠭᠤᠷᠤᠯᠴᠤᠳ᠎ᠤᠨ ᠣᠨ᠎ᠤ ᠠᠵᠢᠯᠯᠠᠭ᠎ᠠ》 ᠵᠢ ᠡᠬᠢᠯᠡᠭᠦᠯᠵᠡᠢ᠃ ᠣᠳᠣᠬᠠᠨ᠎ᠳᠤ 330 ᠭᠠᠷᠤᠢ ᠬᠥᠮᠥᠨ᠎ᠲᠠᠢ ᠪᠤᠭᠤᠷᠤᠯᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ 6 ᠵᠣᠬᠢᠶᠠᠨ ᠪᠠᠢ᠌ᠭᠤᠯᠵᠤ᠂ ᠰᠠᠷ᠎ᠠ ᠪᠦᠷᠢ ᠨᠢᠭᠡ ᠤᠳᠠᠭ᠎ᠠ ᠪᠠᠢ᠌ᠩᠭᠤᠵᠢᠭᠤᠯᠤᠭᠰᠠᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ ᠵᠢᠨ ᠬᠠᠮᠲᠤ 《ᠨᠠᠰᠤᠲᠠᠢ᠌ᠴᠤᠳ᠎ᠢ ᠬᠦᠨᠳᠦᠯᠡᠬᠦ ᠰᠠᠷ᠎ᠠ》 ᠵᠢᠨ ᠠᠵᠢᠯᠯᠠᠭ᠎ᠠ ᠪᠠ ᠨᠠᠰᠤᠲᠠᠢ᠌ᠴᠤᠳ᠎ᠤᠨ ᠰᠣᠨᠢᠷᠬᠠᠯᠲᠤ ᠲᠠᠮᠢᠷ᠎ᠤᠨ ᠠᠡᠭᠬᠠᠳᠤᠭ᠋ᠠᠷ ᠴᠤᠭᠯᠠᠭ᠋ᠠᠨ᠎ᠢ ᠵᠣᠬᠢᠶᠠᠨ ᠪᠠᠢ᠌ᠭᠤᠯᠵᠤ᠂ ᠨᠠᠰᠤᠲᠠᠢ᠌ᠴᠤᠳ᠎ᠤᠨ ᠴᠠᠭ᠋ᠠᠨ ᠰᠠᠷ᠎ᠠ ᠵᠢᠨ ᠦᠳᠡᠰᠢᠯᠡᠭᠡ ᠵᠢ ᠭᠤᠷᠪᠠᠨ ᠬᠤᠭᠤᠴᠠᠭ᠎ᠠ ᠵᠠᠯᠭ᠋ᠠᠭ᠎ᠠ᠎ᠪᠠᠷ ᠡᠷᠭᠢᠯᠡᠵᠦ ᠣᠯᠠᠨ ᠡᠰᠢᠲᠦ ᠠᠵᠢᠯᠯᠠᠭ᠎ᠠ᠎ᠪᠠᠷ ᠳᠠᠮᠵᠢᠭᠤᠯᠤᠨ ᠨᠠᠰᠤᠲᠠᠢ᠌ᠴᠤᠳ᠎ᠤᠨ ᠣᠶᠤᠨ᠎ᠤ ᠠᠮᠢᠳᠤᠷᠠᠯ᠎ᠢ ᠪᠠᠶᠠᠯᠢᠭᠵᠢᠭᠤᠯᠤᠨ᠂ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠪᠡ᠃
ᠨᠠᠰᠤᠵᠢᠯ᠎ᠤᠨ ᠦᠢ᠍ᠯᠡᠴᠢᠯᠡᠭᠡ
ᠭᠦᠢ᠍ᠵᠧᠦ ᠮᠤᠵᠢ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ ᠬᠠᠮᠲᠤᠷᠠᠨ ᠤᠷᠴᠢᠮ᠎ᠳᠤ 《2025 ᠣᠨ᠎ᠤ ᠭᠦᠢ᠍ᠵᠧᠦ ᠮᠤᠵᠢ ᠵᠢᠨ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ 〈ᠡᠷᠡᠭᠦᠯ ᠮᠡᠨᠳᠦ ᠵᠢ ᠬᠠᠯᠠᠮᠵᠢᠯᠠᠬᠤ ᠠᠵᠢᠯᠯᠠᠭ᠎ᠠ〉 ᠵᠢᠨ ᠠᠵᠢᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ 《ᠡᠷᠡᠭᠦᠯ ᠮᠡᠨᠳᠦ ᠵᠢ ᠬᠠᠯᠠᠮᠵᠢᠯᠠᠬᠤ ᠠᠵᠢᠯᠯᠠᠭ᠎ᠠ》 ᠵᠢᠨ ᠦᠢ᠍ᠯᠡᠴᠢᠯᠡᠭᠡᠨ᠎ᠤ ᠠᠭᠤᠯᠭ᠎ᠠ᠎ᠳᠤ ᠪᠡᠶ᠎ᠡ᠎ᠳᠤ᠎ᠪᠠᠨ ᠵᠦᠪ ᠦᠬᠡᠢ ᠨᠠᠰᠤᠳᠠᠢ᠌ᠴᠤᠳ᠎ᠤᠨ ᠲᠠᠰ ᠪᠠ ᠨᠠᠰᠤᠲᠠᠢ᠌ᠴᠤᠳ᠎ᠤᠨ ᠡᠷᠡᠭᠦᠯ ᠮᠡᠨᠳᠦ ᠵᠢ ᠦᠨᠡᠯᠡᠬᠦ᠂ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠪᠦᠬᠦᠯᠢ ᠴᠤᠬ᠍ᠴᠠᠳᠤ ᠦᠢ᠍ᠯᠡᠴᠢᠯᠡᠭᠡ ᠬᠠᠩᠭ᠋ᠠᠬᠤ᠂ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠠᠭ᠋ᠠᠳ ᠦᠭᠡᠢ ᠵᠠᠮ᠎ᠢ ᠪᠠᠶ᠋ᠢᠭᠤᠯᠬᠤ᠂ 《ᠬᠠᠯᠠᠮᠵᠢᠯᠠᠬᠤ +》 ᠡᠮᠴᠢᠯᠡᠭᠡ ᠰᠤᠪᠢᠯᠠᠯᠲᠠ ᠵᠢ ᠤᠶᠠᠯᠳᠤᠭᠤᠯᠬᠤ ᠦᠢ᠍ᠯᠡᠴᠢᠯᠡᠭᠡᠨ᠎ᠤ ᠵᠠᠭᠪᠤᠷ᠎ᠢ ᠰᠦᠪᠡᠭᠴᠢᠯᠡᠬᠦ ᠵᠡᠷᠭᠡ ᠠᠭᠤᠯᠭ᠎ᠠ ᠪᠠᠭᠲᠠᠵᠤ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠤᠨ ᠠᠮᠢᠳᠤᠷᠠᠯ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠵᠣᠷᠢᠯᠭ᠎ᠠ᠎ᠪᠠᠨ ᠪᠣᠯᠭ᠋ᠠᠵᠠᠢ᠃