ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠶᠤᠯ ᠦᠭᠡᠢ ᠦᠢ᠍ᠯᠡᠳᠪᠤᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ ᠵᠢᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄ 2025-05-19

     ᠰᠢ ᠵᠢᠨ ᠫᠢᠩ ᠶᠡᠷᠤᠩᠬᠡᠢ ᠱᠦᠵᠢ ᠵᠢᠨ ᠠᠶᠤᠯ ᠥᠭᠡᠢ ᠦᠢ᠍ᠯᠡᠳᠪᠦᠷᠢᠯᠡᠯ ᠎ᠤᠨ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠠᠷᠠᠳ ᠎ᠤᠨ ᠶᠠᠪᠤᠳᠠᠯ ᠎ᠤᠨ ᠬᠦᠷᠢᠶ᠎ᠡ ᠴᠠᠷᠠᠭ᠋ᠠᠨ᠎ᠳᠠᠬᠢ ᠠᠶᠤᠯ ᠥᠭᠡᠢ ᠦᠢ᠍ᠯᠡᠳᠪᠦᠷᠢᠯᠡᠯ ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢ  ᠦᠨᠡᠨ ᠬᠦ᠌ ᠳᠡᠭᠡᠭᠰᠢᠯᠡᠭᠦᠯᠬᠦ ᠵᠢᠨ ᠲᠤᠰᠠᠳᠠ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠶᠠᠪᠤᠳᠠᠯ ᠎ᠤᠨ ᠲᠢᠩᠬᠢᠮ᠎ᠤᠨ᠎ᠬᠢᠨ 5  ᠳ᠋ᠤᠭ᠋ᠠᠷ ᠰᠠᠷ᠎ᠠ ᠵᠢᠨ 14 ᠎ᠤ ᠡᠳᠦᠷ ᠠᠶᠤᠯ ᠥᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯᠳᠠᠨ ᠎ᠤ ᠲᠤᠰᠬᠠᠶ ᠰᠡᠳᠦᠪᠲᠦ ᠪᠤᠯᠪᠠᠰᠤᠷᠠᠯ ᠡᠷᠬᠢᠯᠡᠪᠡ᠃ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠭᠠᠵᠠᠷ  ᠲᠠᠰᠤᠭ᠂   ᠪᠠᠢ᠌ᠭᠤᠯᠭ᠎ᠠ ᠨᠢᠭᠡᠴᠢ ᠵᠢᠨ ᠬᠠᠷᠢᠭᠤᠴᠠᠯᠭ᠋ᠠᠲᠠᠨ ᠭᠣᠤᠯ ᠬᠤᠷᠠᠯ᠎ᠤᠨ ᠲᠠᠯᠠᠪᠠᠶ᠎ᠳᠤ ᠪᠣᠯᠪᠠᠰᠤᠷᠠᠯ᠎ᠳᠤ ᠣᠷᠣᠯᠴᠠᠵᠤ᠂ ᠡᠯ᠎ᠡ ᠠᠶ᠋ᠢᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ  ᠪᠤᠯᠤᠨ ᠬᠡᠰᠡᠭ ᠠᠷᠠᠳ᠎ᠤᠨ ᠶᠠᠪᠤᠳᠠᠯ᠎ᠤᠨ  ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ  ᠬᠠᠮᠢᠶ᠎ᠠ ᠪᠥᠬᠥᠶ ᠬᠠᠷᠢᠭᠤᠴᠠᠯᠭ᠋ᠠᠲᠠᠨ ᠸᠢᠳᠢᠤ᠋ ᠎ᠪᠠᠷ ᠣᠷᠣᠯᠴᠠᠵᠠᠶ᠃
    ᠲᠣᠰ ᠪᠤᠯᠪᠠᠰᠤᠷᠠᠯ᠎ᠳᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠠᠬᠢ ᠠᠶᠤᠯ ᠦᠭᠡᠢ ᠦᠢ᠍ᠯᠡᠳᠪᠤᠷᠢᠯᠡᠯ᠎ᠤᠨ ᠲᠤᠰᠬᠠᠶ᠋ᠢᠵᠢᠭᠰᠠᠨ  ᠰᠤᠭᠤᠴᠢᠨ ᠪᠠᠶ᠋ᠢᠴᠠᠭ᠋ᠠᠬᠤ ᠪᠠᠶ᠋ᠢᠭᠤᠯᠤᠮᠵᠢ ᠵᠢᠨ  ᠮᠡᠷᠭᠡᠵᠢᠯᠲᠡᠨ᠎ᠢ  ᠤᠷᠢᠵᠤ ᠲᠤᠰᠬᠠᠶ ᠰᠡᠳᠦᠪ ᠵᠶ᠋ᠠᠷ  ᠬᠢᠴᠢᠶᠡᠯ  ᠤᠷᠤᠭᠤᠯᠤᠬᠰᠠᠨ᠎ᠤ ᠬᠠᠮᠲᠤ ᠭᠠᠯ ᠎ᠤᠨ ᠠᠶᠤᠯ᠎ᠢ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠬᠠᠮᠲᠤ᠎ᠪᠠᠷ ᠦᠵᠡᠪᠡ᠃ ᠪᠤᠯᠪᠠᠰᠤᠷᠠᠯ ᠎ᠳᠤ ᠠᠷᠠᠳ᠎ᠤᠨ ᠶᠠᠪᠤᠳᠠᠯ᠎ᠤᠨ  ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠪᠠᠶ᠋ᠢᠴᠠᠭ᠋ᠠᠯᠲᠠ ᠵᠢ ᠵᠢᠷᠤᠮᠵᠢᠭᠤᠯᠬᠤ ᠦᠨᠳᠦᠰᠦᠯᠡᠯ᠂ ᠨᠡᠶ᠋ᠢᠲᠡᠯᠢᠭ ᠠᠰᠠᠭᠤᠳᠠᠯ ᠎ᠤᠨ ᠵᠢᠱ᠌ᠢᠶ᠎ᠡ ᠪᠠ ᠴᠡᠭᠴᠡᠯᠡᠬᠦ ᠠᠵᠢᠯ᠎ᠤᠨ ᠠᠷᠭ᠎ᠠ ᠵᠢ  ᠰᠢᠰᠲ᠋ᠧᠮ᠎ᠲᠠᠢ ᠲᠠᠶ᠋ᠢᠯᠪᠤᠷᠢᠯᠠᠵᠤ᠂ ᠤᠯᠤᠰ᠎ᠤᠨ  ᠳᠡᠰ᠎ᠤᠨ᠂ ᠣᠷᠣᠨ ᠨᠤᠲᠤᠭ᠎ᠤᠨ ᠲᠠᠰ᠎ᠤᠨ ᠪᠠᠷᠢᠮᠵᠢᠶ᠎ᠠ ᠪᠠ ᠠᠷᠠᠳ᠎ᠤᠨ ᠶᠠᠪᠤᠳᠠᠯ᠎ᠤᠨ  ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠲᠤᠲᠤᠷᠠᠬᠢ ᠲᠤᠰᠬᠠᠶ ᠮᠡᠷᠭᠡᠵᠢᠯ᠎ᠤᠨ ᠱᠠᠭ᠋ᠠᠷᠳᠠᠯᠭ᠎ᠠ ᠵᠢ ᠡᠮᠬᠢᠯᠡᠬᠡᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ  ᠠᠶᠤᠯ ᠦᠭᠡᠢ ᠦᠢ᠍ᠯᠡᠳᠪᠤᠷᠢᠯᠡᠯ᠎ᠢ ᠪᠠᠶ᠋ᠢᠴᠠᠭ᠋ᠠᠬᠤ᠎ᠯᠤᠭ᠎ᠠ ᠤᠶᠠᠯᠳᠤᠭᠤᠯᠤᠨ ᠠᠰᠠᠭᠤᠳᠠᠯ᠎ᠤᠨ ᠬᠡᠮ  ᠰᠤᠭᠤᠭ᠎ᠢ ᠢᠯᠡᠷᠡᠭᠦᠯᠵᠦ᠂ ᠠᠮᠤᠷ ᠲᠦᠪᠰᠢᠨ᠎ᠤ ᠨᠡᠢ᠌ᠳᠡᠯᠢᠭ ᠬᠡᠮ  ᠰᠤᠭᠤᠭ ᠬᠢᠭᠡᠳ ᠬᠢᠨᠠᠨ  ᠬᠠᠮᠢᠶᠠᠷᠤᠯᠲᠠ ᠵᠢᠨ ᠪᠠᠭᠤᠷᠠᠢ  ᠭᠤᠭᠴᠤᠭ᠎ᠠ ᠵᠢᠨ ᠠᠵᠢᠯ᠎ᠢ ᠭᠦᠨᠵᠡᠭᠡᠶ ᠵᠠᠳᠠᠯᠤᠨ ᠰᠢᠨᠵᠢᠯᠡᠵᠦ  ᠠᠰᠠᠭᠤᠳᠠᠯ᠎ᠳᠤ ᠴᠡᠭᠡᠯᠡᠭᠦᠯᠦᠨ᠂  ᠴᠡᠭᠴᠡᠯᠡᠬᠦ ᠰᠠᠨᠠᠭᠤᠯᠭ᠎ᠠ ᠪᠠ ᠰᠢᠯᠢᠳᠡᠭᠵᠢᠭᠦᠯᠬᠦ ᠠᠷᠭ᠎ᠠ ᠵᠠᠮ᠎ᠢ  ᠲᠤᠷᠠᠳᠤᠬᠰᠠᠨ ᠮᠦᠷᠳᠡᠭᠡᠨ ᠲᠢᠩᠬᠢᠮ᠎ᠤᠨ ᠤᠳᠤᠷᠢᠳᠤᠯᠭ᠎ᠠ ᠪᠠ  ᠬᠠᠮᠢᠶ᠎ᠠ ᠪᠦᠬᠦᠢ ᠪᠥᠬᠥᠶ ᠭᠠᠵᠠᠷ ᠲᠠᠰᠤᠭ᠂  ᠪᠠᠢ᠌ᠭᠤᠯᠭ᠎ᠠ  ᠨᠢᠭᠡᠴᠢ ᠵᠢᠨ ᠬᠠᠷᠢᠭᠤᠴᠠᠯᠭ᠋ᠠᠲᠠᠨ ᠨᠥᠬᠥᠳ᠎ᠢ ᠵᠣᠬᠢᠶᠠᠨ ᠪᠠᠶ᠋ᠢᠭᠤᠯᠵᠤ 《  ᠳᠦᠷᠪᠡᠨ ᠦᠭᠡᠢ  ᠬᠤᠶᠠᠷ ᠰᠢᠭᠤᠳ》  ᠬᠡᠯᠡᠪᠡᠢ᠎ᠪᠠᠷ  ᠬᠣᠲᠣᠩ  ᠠᠷᠠᠳ᠎ᠤᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ  ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠭᠦᠨᠵᠡᠭᠡᠶ᠋ᠢᠷᠡᠨ  ᠠᠶᠤᠯ ᠦᠭᠡᠢ ᠦᠢ᠍ᠯᠡᠳᠪᠤᠷᠢᠯᠡᠯ᠎ᠤᠨ  ᠪᠠᠢ᠌ᠴᠠᠭ᠋ᠠᠨ ᠲᠤᠳᠤᠯᠠᠬᠤ ᠰᠣᠷᠢᠯᠲᠠ ᠬᠢᠵᠦ᠂ ᠲᠤᠰᠬᠠᠶ ᠮᠡᠷᠭᠡᠵᠢᠯᠲᠡᠨ ᠲᠤᠬᠠᠶ ᠵᠢᠨ ᠲᠠᠯᠠᠪᠤᠷ ᠎ᠲᠤ  ᠲᠠᠶ᠋ᠢᠯᠤᠮᠵᠢ  ᠬᠢᠪᠡ᠃
    ᠲᠣᠰ ᠪᠤᠯᠪᠠᠰᠤᠷᠠᠯ᠎ᠤᠨ ᠠᠭᠤᠯᠭ᠎ᠠ᠎ᠨᠢ ᠠᠷᠠᠳ᠎ᠤᠨ ᠶᠠᠪᠤᠳᠠᠯ᠎ᠤᠨ  ᠬᠦᠷᠢᠶ᠎ᠡ ᠴᠠᠷᠠᠭ᠎ᠠ᠎ᠳᠠᠬᠢ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠲᠤᠰᠢᠶᠠᠯ ᠵᠶ᠋ᠠᠨ  ᠭᠦᠢ᠍ᠴᠡᠳᠬᠡᠭᠰᠡᠨ ᠪᠣᠳᠠᠲᠤ ᠪᠠᠶ᠋ᠢᠳᠠᠯ᠎ᠲᠠᠢ ᠨᠢᠭᠲᠠ ᠤᠶᠠᠯᠳᠤᠵᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠠᠬᠢ ᠠᠶᠤᠯ ᠦᠭᠡᠢ ᠵᠢᠨ ᠦᠢ᠍ᠯᠡᠳᠪᠤᠷᠢᠯᠡᠯ᠎ᠤᠨ ᠦᠨᠳᠤᠰᠤᠨ᠎ᠠᠴᠠ᠎ᠨᠢ ᠵᠠᠰᠠᠬᠤ ᠰᠢᠪᠲᠤᠯᠤᠯᠲᠠ ᠵᠢᠨ ᠭᠤᠷᠪᠠᠨ ᠵᠢᠯ᠎ᠤᠨ ᠠᠵᠢᠯᠯᠠᠭ᠎ᠠ ᠵᠢ ᠰᠠᠶ᠋ᠢᠲᠤᠷ  ᠠᠳᠬᠤᠬᠤ᠂ 《ᠭᠤᠷᠪᠠ ᠵᠢ  ᠬᠠᠮᠢᠶᠠᠷᠴᠤ ᠭᠤᠷᠪᠠ ᠵᠢ ᠡᠷᠬᠡᠪᠰᠢ  ᠭᠦᠢ᠍ᠴᠡᠳᠭᠡᠬᠦ》 ᠲᠣᠭᠲᠠᠭ᠋ᠠᠯ᠎ᠢ ᠴᠢᠩᠭ᠎ᠠ    ᠨᠠᠢ᠌ᠳᠠᠪᠤᠷᠢᠵᠢᠭᠤᠯᠬᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠬᠢᠭᠡᠳ ᠠᠵᠤ ᠠᠬᠤᠶ᠋ᠢᠯᠠᠯ᠎ᠤᠨ  ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠠᠬᠢ ᠠᠮᠤᠷ ᠲᠦᠪᠰᠢᠨ᠎ᠤ  ᠬᠡᠮ  ᠰᠤᠭᠤᠭ᠎ᠢ ᠰᠡᠷᠭᠡᠶ᠋ᠢᠯᠡᠬᠦ᠎ᠳᠤ ᠮᠠᠰᠢ ᠴᠢᠩᠭ᠎ᠠ ᠬᠠᠨᠳᠤᠯᠭ᠋ᠠᠲᠤ ᠴᠢᠨᠠᠷ ᠪᠠ ᠵᠢᠱ᠌ᠢᠶ᠎ᠡ  ᠦᠢ᠍ᠯᠡᠳᠤᠯ  ᠎ᠲᠠᠢ ᠶᠤᠮ᠃
                                     

 


   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.28
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.29
 
            