ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢᠨ ᠠᠭᠤᠯᠭ᠎ᠠ ᠵᠢ ᠪᠠᠶᠠᠯᠢᠭᠵᠢᠭᠤᠯᠵᠤ ᠨᠠᠮ᠎ᠤᠨ ᠡᠭᠦᠷ᠎ᠤᠨ ᠠᠵᠢᠯᠯᠠᠭ᠎ᠠ ᠵᠢᠨ ᠦᠷ᠎ᠡ ᠪᠦᠲᠦᠮᠵᠢ ᠵᠢ ᠴᠢᠩᠭ᠋ᠠᠳᠬᠠᠬᠤ ᠵᠢᠨ ᠲᠥᠯᠥᠭᠡ 4 ᠳ᠋ᠤᠬᠡᠷ ᠰᠠᠷ᠎ᠠ ᠵᠢᠨ 30 ᠤ ᠡᠳᠦᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠳᠤ ᠣᠴᠢᠭᠤᠯᠵᠤ 《ᠪᠢᠷ ᠪᠡᠬᠡᠰ ᠵᠶ᠋ᠡᠷ ᠤᠮᠠᠷᠠᠲᠤ ᠬᠢᠯᠢ ᠵᠢ ᠮᠠᠭᠲᠠᠨ ᠳᠠᠭᠤᠯᠠᠶ᠎ᠠ》 ᠭᠡᠬᠦ ᠭᠣᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠢ ᠲᠣᠭᠣᠷᠢᠨ ᠦᠵᠡᠭᠦᠯᠪᠡ᠂ ᠡᠭᠦᠨ᠎ᠤ ᠵᠣᠷᠢᠯᠭ᠎ᠠ᠎ᠨᠢ ᠤᠮᠠᠷᠠᠲᠤ ᠵᠢᠨ ᠭᠦᠨ ᠵᠤᠵᠠᠭ᠋ᠠᠨ ᠰᠣᠶᠣᠯ᠎ᠤᠨ ᠨᠥᠯᠥᠭᠡᠯᠡᠯ ᠵᠶ᠋ᠡᠷ ᠳᠠᠮᠵᠢᠭᠤᠯᠵᠤ ᠨᠠᠮ᠎ᠤᠨ ᠭᠡᠰᠢᠭᠦᠨ ᠺᠠᠳ᠋ᠷᠴᠤᠳ᠎ᠤᠨ ᠰᠣᠶᠣᠯ᠎ᠤᠨ ᠢᠲᠡᠭᠡᠯ ᠪᠣᠯᠣᠨ ᠠᠵᠢᠯ᠎ᠤᠨ ᠬᠥᠳᠡᠯᠭᠡᠬᠦ ᠬᠦᠴᠦᠨ᠎ᠢ ᠬᠥᠭᠵᠢᠭᠡᠬᠦ ᠵᠢᠨ ᠲᠥᠯᠥᠭᠡ ᠶᠤᠮ᠃
ᠲᠤᠰ ᠭᠣᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠰᠬᠦᠯᠡᠩ᠎ᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠤᠯᠬᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠰᠤᠲᠠᠢ᠌ᠴᠤᠳ᠎ᠤᠨ ᠰᠣᠶᠣᠯ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠪᠣᠯᠣᠨ ᠥᠪᠥᠷ ᠮᠣᠩᠭᠣᠯ᠎ᠤᠨ ᠰᠢᠯᠦᠭ ᠪᠢᠴᠢᠯᠭᠡ ᠤᠷᠠᠨ ᠵᠢᠷᠤᠭ᠎ᠤᠨ ᠰᠤᠳᠤᠯᠭ᠋ᠠᠨ᠎ᠤ ᠨᠡᠢ᠌ᠭᠡᠮᠯᠢᠭ᠎ᠤᠨ᠎ᠬᠢᠨ ᠬᠠᠮᠲᠤᠷᠠᠨ ᠡᠷᠬᠢᠯᠡᠵᠦ᠂ ᠦᠢ ᠤᠯᠠᠨ ᠤᠷᠠᠯᠢᠭᠴᠢᠳ᠎ᠤᠨ ᠰᠡᠳᠬᠢᠯ ᠰᠢᠭᠤᠳᠤᠨ ᠵᠣᠬᠢᠶᠠᠨ ᠪᠦᠲᠦᠭᠡᠭᠰᠡᠨ 300 ᠰᠢᠬᠠᠮ ᠰᠣᠳᠣᠨ ᠪᠦᠲᠦᠭᠡᠯ᠎ᠢ ᠳᠡᠯᠭᠡᠨ ᠦᠵᠡᠭᠦᠯᠵᠦ᠂ ᠡᠯ᠎ᠡ ᠵᠣᠬᠢᠶᠠᠨ ᠪᠦᠲᠦᠭᠡᠭᠴᠢᠳ᠎ᠤᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯᠪᠡᠭ ᠪᠠᠶᠠᠯᠢᠭ ᠦᠷ᠎ᠡ ᠪᠦᠲᠦᠭᠡᠯ ᠪᠣᠯᠣᠨ ᠴᠠᠭ ᠦᠶ᠎ᠡ ᠵᠢᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠮᠠᠭᠲᠠᠨ ᠰᠠᠢ᠌ᠰᠢᠶᠠᠵᠤ ᠪᠠᠢ᠌ᠬᠤ ᠵᠢ ᠬᠠᠷᠠᠭᠤᠯᠵᠠᠢ᠃ ᠦᠵᠡᠭᠦᠯᠦᠯᠭᠡ᠎ᠳᠤ ᠤᠮᠠᠷᠠᠲᠤ ᠬᠢᠯᠢ ᠵᠢᠨ ᠰᠣᠶᠣᠯ᠎ᠳᠤ᠎ᠬᠢ ᠬᠤᠪᠢᠰᠬᠠᠯ᠎ᠤᠨ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ᠎ᠤᠨ ᠰᠣᠶᠣᠯ᠂ ᠬᠠᠲᠤᠨ ᠭᠣᠣᠯ᠎ᠤᠨ ᠰᠣᠶᠣᠯ ᠵᠡᠷᠭᠡ ᠡᠯᠧᠮᠧᠨ᠋ᠲ᠎ᠢ ᠭᠣᠣᠯᠳᠠᠯᠭ᠎ᠠ᠎ᠲᠠᠢ ᠳᠣᠪᠣᠶ᠋ᠢᠯᠭ᠋ᠠᠵᠤ᠂ ᠵᠠᠷᠢᠮ ᠪᠦᠲᠦᠭᠡᠯ᠎ᠳᠤ ᠮᠣᠩᠭᠣᠯ ᠮᠣᠷᠢᠨ᠎ᠤ ᠵᠣᠷᠢᠭ ᠰᠠᠨᠠᠭ᠎ᠠ᠂ ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ ᠵᠡᠷᠭᠡ ᠵᠢ ᠠᠭᠤᠰᠬᠠᠭᠰᠠᠨ ᠪᠠᠢ᠌ᠨ᠎ᠠ᠃ ᠤᠷᠠᠨ ᠪᠢᠴᠢᠯᠭᠡ᠎ᠳᠤ ᠤᠷᠠᠨ ᠪᠢᠴᠢᠯᠭᠡ᠂ ᠬᠢᠲᠠᠳ ᠵᠢᠷᠤᠭ᠂ ᠭᠣᠷ ᠰᠡᠢ᠌ᠯᠦᠮᠡᠯ ᠵᠡᠷᠭᠡ ᠣᠯᠠᠨ ᠵᠦᠢ᠍ᠯ᠎ᠤᠨ ᠤᠷᠠᠯᠢᠭ᠎ᠤᠨ ᠢᠯᠡᠷᠡᠭᠦᠯᠦᠯ᠎ᠤᠨ ᠬᠡᠯᠪᠡᠷᠢ ᠵᠢ ᠪᠠᠭᠲᠠᠭ᠋ᠠᠵᠠᠢ᠂ ᠵᠢᠱ᠌ᠢᠶᠡᠯᠡᠪᠡᠯ᠂ ᠶᠠᠩ ᠯᠢ ᠮᠢᠨᠤ ᠤᠷᠠᠨ ᠪᠢᠴᠢᠯᠭᠡ 《ᠠᠭᠤᠯᠠ ᠤᠰᠤᠨ ᠬᠡᠮᠡᠷᠯᠢᠭ ᠬᠠᠳᠬᠤᠮᠠᠯ ᠮᠡᠳᠤ᠂ ᠣᠳᠣᠨ ᠮᠡᠴᠢᠳ ᠲᠦᠮᠡᠨ ᠡᠷᠦᠬᠡ ᠵᠢ ᠭᠡᠢ᠌ᠭᠦᠯᠦᠨ᠎ᠡ》᠎ᠨᠢ ᠤᠮᠠᠷᠠᠲᠤ ᠬᠢᠯᠢ ᠵᠢᠨ ᠰᠦᠷᠯᠢᠭ ᠰᠠᠢ᠌ᠬᠠᠨ ᠪᠠ ᠦᠨᠳᠦᠰᠦᠲᠡᠨ᠎ᠤ ᠪᠦᠯᠬᠦᠮᠳᠡᠯ᠎ᠢ ᠦᠵᠡᠭᠦᠯᠵᠦ᠂ ᠬᠤᠳᠠᠯᠨ ᠵᠢᠨ 《ᠬᠠᠪᠤᠷ᠎ᠢ ᠤᠬᠳᠤᠬᠰᠠᠨ ᠪᠡᠯᠬᠡ᠎ᠳᠤ ᠴᠠᠰᠤᠨ》᠎ᠨᠢ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠥᠭᠡᠳᠡᠯᠡᠨ ᠳᠠᠪᠰᠢᠬᠤ ᠪᠠᠶᠠᠰᠤᠩᠭᠤᠢ ᠵᠣᠷᠢᠭ ᠰᠠᠨᠠᠭ᠎ᠠ ᠵᠢ ᠳᠡᠯᠭᠡᠨ ᠦᠵᠡᠭᠦᠯᠵᠡᠢ᠃ ᠡᠳᠡᠭᠡᠷ ᠪᠦᠲᠦᠭᠡᠯ᠎ᠨᠢ ᠭᠠᠵᠠᠷ ᠣᠷᠣᠨ᠎ᠤ ᠣᠨᠴᠠᠯᠢᠭ ᠪᠠ ᠴᠠᠭ ᠦᠶ᠎ᠡ ᠵᠢᠨ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠦ᠂ ᠲᠣᠭᠣᠷᠢᠨ ᠦᠵᠡᠭᠴᠢᠳ᠎ᠲᠤ ᠮᠡᠳᠡᠷᠡᠭᠳᠡᠭᠰᠡᠨ ᠪᠠᠢ᠌ᠨ᠎ᠠ᠃
ᠲᠣᠰ ᠠᠵᠢᠯᠯᠠᠭ᠎ᠠ᠎ᠨᠢ 《ᠤᠷᠠᠯᠢᠭ + ᠨᠠᠮ᠎ᠤᠨ ᠪᠠᠢ᠌ᠭᠤᠯᠤᠯᠲᠠ》 ᠵᠢᠨ ᠰᠢᠨ᠎ᠡ ᠵᠢ ᠡᠭᠦᠳᠬᠦ ᠬᠡᠯᠪᠡᠷᠢ᠎ᠪᠠᠷ ᠳᠠᠮᠵᠢᠭᠤᠯᠤᠨ᠂ ᠨᠠᠮᠴᠢ ᠴᠢᠨᠠᠷ᠎ᠤᠨ ᠬᠥᠮᠦᠵᠢᠯ ᠬᠢᠭᠡᠳ ᠰᠣᠶᠣᠯ᠎ᠤᠨ ᠨᠡᠪᠴᠢᠯᠲᠡ ᠵᠢᠨ ᠳᠠᠪᠬᠤᠷ ᠬᠠᠷᠠᠯᠲᠠ ᠵᠢ ᠪᠡᠶᠡᠯᠡᠭᠦᠯᠪᠡ᠃