ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.30
ᠨᠡᠶᠢᠲᠡᠯᠡᠭᠰᠡᠨ ᠴᠠᠭ᠄ 2025-05-07

ᠨᠡᠢ᠌ᠭᠡᠮ᠎ᠤᠨ ᠲᠤᠰᠠᠯᠠᠮᠵᠢ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠢ ᠵᠢᠯᠣᠭᠣᠳᠤᠨ 《〈ᠴᠢᠡᠭᠱ᠌ᠠᠨ᠎ᠤ᠎ᠬᠢᠨ〉᠎ᠤ ᠬᠠᠢ᠌ᠷ᠎ᠠ᠎ᠪᠠᠷ ᠴᠢᠡᠭᠱ᠌ᠠᠨ ᠲᠤᠭᠤᠷᠢᠭ᠎ᠤᠨ᠎ᠬᠢᠨ ᠵᠶ᠋ᠡᠨ ᠲᠤᠯᠠᠭ᠋ᠠᠴᠠᠭᠤᠯᠬᠤ》᠎ᠪᠠᠷ ᠵᠢᠯᠣᠭᠣᠳᠤᠯᠭ᠎ᠠ ᠪᠣᠯᠭ᠋ᠠᠵᠤ᠂ 《ᠵᠢᠷᠭᠤᠭ᠎ᠠ ᠵᠢ ᠤᠶᠠᠯᠳᠤᠭᠤᠯᠬᠤ᠂ ᠵᠢᠷᠭᠤᠭ᠎ᠠ ᠵᠢ ᠳᠡᠭᠡᠭᠰᠢᠯᠡᠭᠦᠯᠬᠦ》 ᠠᠵᠢᠯ᠎ᠤᠨ ᠵᠠᠭᠪᠤᠷ᠎ᠲᠤ ᠰᠢᠨ᠎ᠡ ᠵᠢ ᠡᠭᠦᠳᠴᠦ᠂ ᠵᠠᠰᠠᠭ᠎ᠤᠨ ᠣᠷᠳᠣᠨ᠂ ᠨᠢᠭᠦᠯᠡᠰᠦᠩᠭᠦᠢ ᠵᠢᠨ ᠦᠢ᠍ᠯᠡᠰ ᠪᠠ ᠨᠡᠢ᠌ᠭᠡᠮ᠎ᠤᠨ ᠡᠬᠢ ᠪᠠᠶᠠᠯᠢᠭ᠎ᠢ ᠡᠮᠬᠢᠯᠡᠬᠡᠳ ᠨᠠᠷᠢᠯᠢᠭ ᠣᠨᠣᠴᠠᠲᠠᠢ᠂ ᠣᠯᠠᠨ ᠲᠠᠰ ᠳᠠᠪᠬᠤᠷᠭ᠎ᠠ ᠵᠢᠨ ᠬᠦᠴᠢᠷᠳᠡᠯᠲᠡᠢ ᠣᠯᠠᠨ ᠲᠦᠮᠡᠨ᠎ᠢ  ᠲᠤᠰᠠᠯᠠᠮᠵᠢ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠯ᠎ᠡ᠃ ᠴᠢᠩᠱ᠌ᠠᠨ ᠲᠣᠭᠣᠷᠢᠭ᠎ᠤᠨ 53.51 ᠲᠦᠮᠡᠨ ᠪᠠᠢ᠌ᠩᠭᠤ ᠰᠠᠭᠤᠭ᠎ᠠ ᠬᠥᠮᠥᠨ ᠠᠮᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠲᠤᠰᠠᠯᠠᠮᠵᠢ ᠬᠦᠷᠳᠡᠭᠴᠢ 1024  ᠬᠦᠮᠦᠨ ᠪᠠ 1300 ᠭᠠᠷᠤᠢ ᠬᠦᠴᠢᠷᠳᠡᠯᠲᠡᠢ ᠤᠯᠠᠨ ᠲᠦᠮᠡᠨ᠎ᠢ ᠤᠨᠢᠨ ᠳᠡᠭᠡᠷ᠎ᠡ᠎ᠨᠢ ᠪᠠᠲᠤᠯᠠᠵᠤ᠂ ᠳᠦᠷᠦᠯ ᠬᠤᠪᠢᠶᠠᠨ ᠳᠦᠷᠦ ᠵᠢᠨ ᠪᠣᠳᠣᠯᠭ᠎ᠠ ᠬᠡᠷᠡᠭᠵᠢᠭᠦᠯᠬᠦ᠂ ᠬᠥᠳᠡᠯᠦᠩᠭᠦᠢ᠎ᠪᠠᠷ  ᠲᠡᠳᠬᠦᠬᠦ᠎ᠪᠠᠷ ᠳᠠᠮᠵᠢᠭᠤᠯᠵᠤ᠂  ᠲᠤᠰᠠᠯᠠᠮᠵᠢ ᠵᠢᠨ ᠦᠢ᠍ᠯᠡᠴᠢᠯᠡᠭᠡ ᠪᠣᠯᠣᠨ ᠬᠡᠷᠡᠭᠴᠡᠭᠡ ᠱᠠᠭ᠋ᠠᠷᠳᠠᠯᠭ᠎ᠠ ᠵᠢ ᠤᠨᠢᠨ ᠳᠡᠭᠡᠷ᠎ᠡ᠎ᠨᠢ ᠵᠣᠯᠭ᠋ᠠᠭᠤᠯᠬᠤ ᠵᠢ ᠪᠡᠶᠡᠯᠡᠭᠦᠯᠪᠡ᠃ ᠲᠣᠰ ᠵᠠᠭᠪᠤᠷ᠎ᠨᠢ ᠨᠠᠷᠠᠲᠤ ᠲᠡᠮᠳᠡᠭᠴᠢᠯᠡᠭᠰᠡᠨ ᠦᠢ᠍ᠯᠡᠴᠢᠯᠡᠭᠡ᠎ᠪᠠᠷ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠤᠤᠷᠵᠢᠯ ᠎ᠢ ᠨᠢᠭᠲᠠ ᠰᠦᠯᠵᠢᠵᠦ᠂ ᠣᠨᠴᠠᠭ᠋ᠠᠶ ᠬᠦᠮᠦᠰ᠎ᠤᠨ ᠬᠦᠷᠲᠡᠮᠵᠢ ᠵᠢᠨ ᠲᠥᠷᠥᠭᠳᠡᠯ᠎ᠢ ᠪᠦᠲᠦᠮᠵᠢᠲᠡᠶ᠎ᠪᠠᠷ ᠳᠡᠭᠡᠭᠰᠢᠯᠡᠭᠦᠯᠦᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ᠂ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡᠨ᠎ᠤ ᠬᠠᠷᠢᠭᠤᠴᠠᠯᠭ᠎ᠠ ᠡᠭᠦᠷᠭᠡᠯᠡᠯ᠎ᠢ ᠭᠦᠢ᠍ᠴᠡᠳ ᠬᠠᠷᠠᠭᠤᠯᠵᠤ ᠴᠢᠳᠠᠬᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 《ᠭᠤᠷᠪᠠᠨ ᠠᠵᠢᠯᠯᠠᠭ᠎ᠠ》 ᠬᠡᠷᠡᠭᠵᠢᠭᠦᠯᠵᠦ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠡᠷᠦᠩᠬᠡᠢ᠌ᠯᠡᠭᠰᠡᠨ ᠴᠣᠭᠴᠠ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠥᠷᠨᠢᠭᠦᠯᠵᠦ᠂ 《ᠨᠢᠭᠡ ᠮᠥᠴᠡ ᠵᠢᠨ ᠲᠤᠳᠤᠷᠠᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ》 ᠵᠢ ᠥᠷᠭᠡᠳᠬᠡᠨ᠂ ᠢᠳᠡᠭᠡᠨ ᠤᠮᠳᠠᠭ᠋ᠠᠨ᠂ ᠡᠷᠡᠭᠦᠯᠵᠢᠯ᠂ ᠡᠮᠴᠢᠯᠡᠭᠡ᠂ ᠰᠤᠪᠢᠯᠠᠯᠲᠠ ᠵᠡᠷᠭᠡ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠴᠢᠳᠠᠮᠵᠢ ᠵᠢ ᠬᠤᠷᠠᠮᠳᠤᠭᠤᠯᠪᠠ᠃ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠲᠤᠰᠬᠠᠢ ᠠᠵᠢᠯᠯᠠᠭ᠎ᠠ ᠵᠢ ᠠᠬᠢᠭᠤᠯᠵᠤ᠂ 12 ᠰᠠᠯᠠᠭ᠎ᠠ ᠮᠥᠴᠢᠷ`᠎ᠤᠨ᠎ᠬᠢᠨ᠎ᠲᠠᠢ ᠬᠠᠮᠲᠤᠷᠠᠨ 《ᠤᠯᠠᠭ᠋ᠠᠨᠴᠠᠪ ᠬᠣᠲᠠ ᠵᠢᠨ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠢᠳᠡᠪᠬᠢᠲᠡᠢ ᠬᠥᠭᠵᠢᠭᠦᠯᠬᠦ ᠭᠤᠷᠪᠠᠨ ᠵᠢᠯ᠎ᠤᠨ ᠠᠵᠢᠯᠯᠠᠭ᠎ᠠ ᠵᠢᠨ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ᠎ᠳᠤ  ᠤᠷᠤᠭᠤᠯᠪᠠ᠃ ᠭᠡᠷ ᠪᠦᠯᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢᠨ ᠠᠵᠢᠯᠯᠠᠭ᠎ᠠ ᠵᠢ ᠬᠡᠷᠡᠭᠵᠢᠭᠦᠯᠵᠦ᠂ 《ᠨᠢᠭᠡ ᠡᠷᠦᠬᠡ᠎ᠳᠤ ᠨᠢᠭᠡ ᠲᠥᠷᠥ ᠵᠢᠨ ᠪᠣᠳᠣᠯᠭ᠎ᠠ ᠲᠣᠭᠲᠠᠭ᠋ᠠᠬᠤ》 ᠲᠥᠰᠥᠯ᠎ᠢ ᠲᠣᠭᠲᠠᠭ᠋ᠠᠵᠤ᠂ ᠨᠠᠰᠤᠲᠠᠢ᠌ᠴᠤᠳ᠎ᠤᠨ ᠣᠷᠣᠨ ᠰᠠᠭᠤᠴᠠ ᠵᠢᠨ ᠣᠷᠣᠨ ᠵᠠᠢ ᠵᠢ ᠥᠭᠡᠷᠡᠴᠢᠯᠡᠬᠦ ᠵᠢᠨ ᠬᠠᠮᠲᠤ ᠲᠤᠰᠠᠯᠠᠬᠤ ᠪᠠᠭ᠋ᠠᠵᠢ ᠬᠡᠷᠡᠭᠰᠡᠯ᠂ ᠣᠶᠤᠨᠴᠢ ᠲᠥᠬᠦᠭᠡᠷᠦᠮᠵᠢ ᠵᠢ ᠲᠤᠬᠢᠷᠠᠭᠤᠯᠤᠯ᠎ᠠ᠃
   ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 4 ᠳ᠋ᠤᠬᠡᠷ ᠰᠠᠷ᠎ᠠ ᠵᠢᠨ 25᠎ᠠᠴᠠ 28᠎ᠳᠤ  ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠪᠣᠯᠪᠠᠰᠤᠷᠠᠯ᠎ᠤᠨ ᠠᠩᠭᠢ ᠪᠠ ᠠᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠵᠦ᠂ 20 ᠭᠠᠷᠤᠢ ᠬᠣᠰᠢᠭᠤ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠪᠣᠯᠪᠠᠰᠤᠷᠠᠯ᠎ᠳᠤ ᠣᠷᠣᠯᠴᠠᠵᠠᠢ᠃ ᠪᠣᠯᠪᠠᠰᠤᠷᠠᠯ᠎ᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠠᠭᠤᠷᠢ᠂ ᠨᠠᠰᠤᠲᠠᠢ᠌ᠴᠤᠳ᠎ᠤᠨ ᠠᠮᠢᠳᠤᠷᠠᠯ᠎ᠢ ᠬᠠᠷᠠᠭ᠋ᠠᠯᠵᠠᠨ ᠠᠰᠠᠷᠠᠬᠤ ᠵᠡᠷᠭᠡ ᠲᠠᠪᠤᠨ ᠲᠠᠯ᠎ᠠ ᠵᠢᠨ ᠮᠡᠳᠡᠯᠭᠡ ᠤᠷ᠎ᠠ ᠴᠢᠳᠠᠪᠤᠷᠢ ᠵᠢᠨ ᠲᠣᠭᠣᠷᠢᠨ᠎ᠳᠤ ᠦᠷᠨᠢᠬᠦᠯᠪᠡ ᠃ ᠤᠷᠤᠯᠳᠤᠭ᠋ᠠᠨ᠎ᠳᠤ ᠤᠨᠤᠯ᠎ᠤᠨ ᠬᠢᠨᠠᠨ ᠰᠢᠯᠭ᠋ᠠᠯᠲᠠ ᠪᠠ ᠤᠷ᠎ᠠ ᠮᠡᠷᠭᠡᠵᠢᠯ᠎ᠤᠨ ᠪᠣᠳᠠᠲᠤ ᠲᠠᠮᠢᠷ᠎ᠤᠨ ᠰᠢᠯᠭ᠋ᠠᠷᠠᠭᠤᠯᠤᠯᠲᠠ᠎ᠪᠠᠷ ᠲᠠᠮᠵᠢᠵ᠊᠂ ᠬᠠᠮᠤᠭ ᠡᠴᠦᠰ᠎ᠲᠤ ᠨᠢᠭᠡᠳᠦᠭᠡᠷ ᠳᠡᠰ᠎ᠤᠨ ᠱᠠᠩᠨᠠᠯ 1 ᠂ ᠬᠣᠶᠠᠳᠤᠭ᠋ᠠᠷ ᠳᠡᠰ᠎ᠤᠨ ᠱᠠᠩᠨᠠᠯ 2᠂ ᠭᠤᠷᠪᠠᠳᠤᠭ᠋ᠠᠷ ᠳᠡᠰ᠎ᠤᠨ ᠱᠠᠩᠨᠠᠯ 3᠂ ᠰᠢᠯᠢᠳᠡᠭ ᠱᠠᠩᠨᠠᠯ 4 ᠵᠢ ᠰᠢᠯᠭ᠋ᠠᠷᠠᠭᠤᠯᠵᠤ᠂ ᠪᠣᠯᠪᠠᠰᠤᠷᠠᠯ ᠪᠠ ᠤᠷᠤᠯᠳᠤᠭ᠋ᠠᠨ᠎ᠢ ᠤᠶᠠᠯᠳᠤᠭᠤᠯᠬᠤ᠎ᠪᠠᠷ ᠨᠠᠰᠤᠵᠢᠯ᠎ᠤᠨ ᠠᠰᠠᠷᠠᠮᠵᠢ ᠵᠢᠨ ᠲᠤᠰᠬᠠᠢ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠵᠡᠢ᠃


ᠬᠡᠦᠬᠡᠳ᠎ᠤᠨ ᠠᠰᠠᠷᠠᠮᠵᠢ


   ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠳᠤᠷᠠᠨ ᠬᠡᠷ᠎ᠲᠤ᠎ᠨᠢ ᠬᠦᠷᠴᠦ ᠪᠠᠢ᠌ᠴᠠᠭ᠋ᠠᠬᠤ᠂ ᠲᠣᠭ᠎ᠠ ᠪᠠᠷᠢᠮᠲᠠ ᠵᠢ ᠬᠠᠷᠢᠴᠠᠭᠤᠯᠬᠤ᠂ ᠡᠳᠦᠷ ᠪᠦᠷᠢ ᠲᠣᠬᠢᠷᠠᠭᠤᠯᠬᠤ᠂ ᠲᠤᠬᠠᠢ ᠵᠢᠨ ᠭᠠᠵᠠᠷ᠎ᠲᠤᠨᠢ ᠬᠢᠨᠠᠨ ᠵᠢᠯᠤᠭᠣᠳᠬᠤ ᠵᠡᠷᠭᠡ ᠠᠷᠭ᠎ᠠ᠎ᠪᠠᠷ ᠲᠠᠮᠵᠢᠭᠤᠯᠤᠨ ᠰᠠᠷ᠎ᠠ ᠵᠢᠨ 28᠎ᠤ ᠡᠳᠦᠷ ᠪᠣᠯᠲᠠᠯ᠎ᠠ ᠬᠢᠡᠭᠭ᠋ᠠᠨ ᠠᠢ᠌ᠮᠠᠭ᠎ᠤᠨ᠎ᠬᠢᠨ ᠨᠡᠭᠦᠳᠡᠯ ᠬᠡᠦᠬᠡᠳ᠎ᠤᠨ ᠨᠡᠮᠡᠭᠳᠡᠯ᠎ᠤᠨ ᠬᠡᠮᠵᠢᠶ᠎ᠡ ᠵᠢ ᠨᠡᠶ᠋ᠢᠲᠡ 54%᠎ᠪᠠᠷ ᠬᠢᠨᠠᠨ ᠬᠡᠮᠵᠢᠪᠡ᠃ ᠲᠣᠰ ᠤᠳᠠᠭ᠋ᠠᠨ᠎ᠤ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ᠎ᠨᠢ ᠨᠡᠭᠦᠳᠡᠯ ᠬᠡᠦᠬᠡᠳ᠎ᠤᠨ ᠰᠠᠭᠤᠷᠢ ᠲᠣᠭ᠎ᠠ ᠵᠢ ᠬᠥᠳᠡᠯᠦᠩᠭᠦᠢ᠎ᠪᠠᠷ ᠰᠢᠨᠡᠳᠬᠡᠬᠦ ᠪᠠ ᠨᠠᠷᠢᠯᠢᠭ ᠣᠨᠣᠴᠠᠲᠠᠢ᠎ᠪᠠᠷ ᠡᠵᠡᠮᠰᠢᠬᠦ ᠵᠢ ᠪᠡᠶᠡᠯᠡᠭᠦᠯᠵᠦ᠂ ᠲᠠᠷᠠᠭ᠋ᠠᠴᠢ ᠵᠢᠨ ᠲᠥᠷᠥᠯ ᠬᠤᠪᠢᠶᠠᠨ ᠲᠡᠳᠬᠦᠬᠦ᠂ ᠡᠷᠬᠡ ᠠᠰᠢᠭ᠎ᠢ ᠪᠠᠲᠤᠯᠠᠬᠤ᠎ᠳᠤ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


     ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ  ᠱᠠᠡᠭᠬᠠᠢ ᠬᠣᠲᠠ ᠵᠢᠨ ᠭᠡᠷ ᠪᠠᠢ᠌ᠰᠢᠩ᠎ᠤᠨ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ ᠤᠷᠴᠢᠮ᠎ᠳᠤ 《ᠱᠠᠩᠬᠠᠢ ᠬᠣᠲᠠ ᠵᠢᠨ 〈ᠠᠳᠠᠯ ᠠᠬᠤᠢ + ᠨᠠᠰᠤᠵᠢᠯ᠎ᠤᠨ ᠠᠰᠠᠷᠠᠮᠵᠢ〉 ᠵᠢᠨ ᠦᠢ᠍ᠯᠡᠴᠢᠯᠡᠭᠡᠨ᠎ᠤ ᠲᠤᠷᠰᠢᠯᠲᠠ ᠵᠢ ᠠᠬᠢᠭᠤᠯᠬᠤ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠡᠭᠦᠨ᠎ᠤ ᠵᠣᠷᠢᠯᠭ᠎ᠠ᠎ᠨᠢ ᠬᠡᠰᠡᠭ ᠲᠣᠭᠣᠷᠢᠭ᠎ᠤᠨ ᠲᠤᠷᠰᠢᠯᠲᠠ ᠵᠢᠨ ᠴᠡᠭ᠎ᠢ ᠰᠦᠪᠡᠭᠴᠢᠯᠡᠬᠦ᠎ᠪᠠᠷ ᠳᠠᠮᠵᠢᠭᠤᠯᠤᠨ ᠬᠡᠯᠪᠡᠷᠢ ᠮᠠᠶᠢᠭ᠎ᠨᠢ ᠣᠯᠠᠨ ᠶᠠᠩᠵᠤ ᠵᠢᠨ᠂ ᠦᠢ᠍ᠯᠡᠴᠢᠯᠡᠭᠡ᠎ᠨᠢ ᠵᠢᠷᠤᠮᠵᠢᠭᠰᠠᠨ 《ᠠᠳᠠᠯ ᠠᠬᠤᠢ + ᠨᠠᠰᠤᠵᠢᠯ᠎ᠤᠨ ᠠᠰᠠᠷᠠᠮᠵᠢ》 ᠵᠢᠨ ᠦᠢ᠍ᠯᠡᠴᠢᠯᠡᠭᠡᠨ᠎ᠤ ᠲᠤᠤᠷᠵᠢᠯ᠎ᠢ ᠪᠠᠶ᠋ᠢᠭᠤᠯᠬᠤ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠰᠠᠢ᠌ᠨ ᠣᠢ᠌ᠯᠠᠭ᠋ᠠᠬᠤ᠂ ᠨᠠᠰᠤᠵᠢᠯ᠎ᠤᠨ ᠦᠢ᠍ᠯᠡᠴᠢᠯᠡᠭᠡᠨ᠎ᠢ ᠵᠣᠷᠢᠭᠤᠳᠠ ᠡᠷᠭᠢᠯᠡᠬᠦ ᠨᠢᠭᠡ ᠪᠦᠯᠦᠭ ᠠᠳᠠᠯ ᠠᠬᠤᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠢ ᠬᠥᠭᠵᠢᠭᠦᠯᠵᠦ᠂ ᠦᠷᠭᠦᠯᠵᠢᠯᠡᠬᠦᠢ᠌ᠴᠡ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ 《ᠠᠳᠠᠯ ᠠᠬᠤᠢ + ᠨᠠᠰᠤᠲᠠᠢ᠌ᠴᠤᠳ᠎ᠢ ᠠᠰᠠᠷᠠᠬᠤ》 ᠵᠢᠨ ᠵᠠᠭᠪᠤᠷ᠎ᠢ ᠰᠦᠪᠡᠭᠴᠢᠯᠡᠨ ᠨᠡᠢ᠌ᠭᠡᠮ ᠲᠣᠭᠣᠷᠢᠭ᠎ᠤᠨ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ᠎ᠤ ᠴᠢᠳᠠᠪᠤᠷᠢ ᠪᠠ ᠲᠤᠰᠬᠠᠢ᠌ᠵᠢᠭᠰᠠᠨ ᠲᠦᠪᠰᠢᠨ᠎ᠢ ᠯᠠᠪᠳᠠᠭᠤᠨ ᠲᠡᠭᠡᠭᠰᠢᠯᠡᠬᠦᠯᠪᠡ᠃


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.7
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 《ᠪᠢᠷ ᠪᠡᠬᠡᠰ ᠵᠶ᠋ᠡᠷ ᠤᠮᠠᠷᠠᠲᠤ ᠬᠢᠯᠢ ᠵᠢ ᠮᠠᠭᠲᠠᠨ ᠳᠠᠭᠤᠯᠠᠶ᠎ᠠ》 ᠭᠡᠬᠦ ᠭᠣᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠭᠦᠯᠦᠯᠭᠡ ᠵᠢ ᠲᠣᠭᠣᠷᠢᠨ ᠦᠵᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.8
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.9
 
            