ᠴᠢᠬᠤᠯᠠ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 4 ᠳ᠋ᠤᠬᠡᠷ ᠰᠠᠷ᠎ᠠ ᠵᠢᠨ 27᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠤᠯᠠᠮ ᠴᠢᠡᠭᠭ᠋ᠠᠳᠬᠠᠬᠤ ᠲᠤᠬᠠᠢ ᠠᠷᠭ᠎ᠠ ᠪᠠᠷᠢᠯ᠎ᠢ ᠰᠤᠳᠤᠯᠪᠠ᠃ ᠬᠤᠷᠠᠯ ᠲᠡᠬᠡᠷ᠎ᠡ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠴᠢᠩᠭ᠋ᠠᠳᠬᠠᠬᠤ᠎ᠨᠢ ᠬᠡᠦᠬᠡᠳ᠎ᠤᠨ ᠲᠤᠰ ᠪᠡᠶ᠎ᠡ ᠵᠢᠨ ᠠᠰᠢᠭ ᠲᠤᠰᠠ᠂ ᠭᠡᠷ ᠪᠦᠯᠢ ᠵᠢᠨ ᠡᠶ᠎ᠡ ᠵᠣᠬᠢᠴᠠᠩᠭᠤᠢ ᠵᠣᠯ ᠵᠢᠷᠭ᠋ᠠᠯ᠂ ᠨᠡᠢ᠌ᠭᠡᠮ᠎ᠤᠨ ᠪᠣᠯᠪᠠᠰᠤᠨ ᠳᠠᠪᠰᠢᠯᠲᠠᠯᠤᠭᠠ ᠬᠣᠯᠪᠣᠭᠳᠠᠨ᠎ᠠ᠃ ᠬᠡᠦᠬᠡᠳ᠎ᠢ ᠤᠷᠢᠳ ᠵᠶ᠋ᠡᠷ ᠬᠥᠭᠵᠢᠭᠦᠯᠬᠦ ᠪᠠ ᠬᠡᠦᠬᠡᠳ᠎ᠲᠤ ᠬᠠᠮᠤᠭ᠎ᠠᠴᠠ ᠠᠰᠢᠭᠲᠠᠢ ᠪᠠᠢ᠌ᠯᠭ᠋ᠠᠬᠤ ᠵᠠᠷᠴᠢᠮ᠎ᠢ ᠪᠠᠷᠢᠮᠲᠠᠯᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠤᠢ᠌ᠵᠢᠯᠳᠠ ᠵᠢ ᠬᠠᠷᠢᠭᠤᠴᠠᠯᠭ᠎ᠠ᠎ᠲᠠᠢ᠂ ᠬᠠᠢ᠌ᠷᠠᠲᠠᠢ ᠪᠠᠷ ᠬᠠᠮᠳᠤ᠎ᠪᠠᠷ ᠬᠠᠮᠠᠭ᠋ᠠᠯᠠᠬᠤ ᠬᠡᠷᠡᠭᠲᠡᠢ᠃ ᠦᠨᠳᠦᠰᠦᠨ ᠠᠮᠢᠳᠤᠷᠠᠯ᠎ᠤᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠂ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠂ ᠰᠡᠳᠬᠢᠴᠡ ᠵᠢᠨ ᠡᠷᠡᠭᠦᠯ ᠮᠡᠨᠳᠦ ᠵᠢᠨ ᠬᠠᠢ᠌ᠷ᠎ᠠ ᠬᠠᠯᠠᠮᠵᠢ ᠵᠡᠷᠭᠡ ᠦᠢ᠍ᠯᠡᠴᠢᠯᠡᠭᠡᠨ᠎ᠤ ᠰᠢᠰᠲᠸᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠰᠠᠷᠠᠮᠵᠢ ᠵᠢᠨ ᠪᠠᠲᠤᠯᠠᠭ᠎ᠠ ᠵᠢᠨ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠢ᠃ ᠬᠥᠮᠥᠨ᠎ᠤ ᠪᠡᠶ᠎ᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠢ ᠪᠠᠲᠤ ᠪᠠᠢ᠌ᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠠᠯᠳᠠᠭᠰᠠᠨ ᠡᠯ᠎ᠡ ᠵᠦᠢ᠍ᠯ᠎ᠤᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠤᠷᠢᠳᠴᠢᠯᠠᠨ ᠰᠡᠷᠭᠡᠢ᠌ᠯᠡᠬᠦ ᠪᠠ ᠬᠠᠤᠯᠢ ᠶᠣᠰᠣᠭ᠋ᠠᠷ ᠴᠢᠩᠭ᠎ᠠ ᠰᠢᠢ᠍ᠳᠬᠡᠬᠦ ᠬᠡᠷᠡᠭᠲᠡᠢ᠃ ᠠᠵᠢᠯ᠎ᠤᠨ ᠰᠠᠨᠠᠭ᠋ᠠᠴᠢᠯᠠᠭ᠋ᠠᠲᠤ ᠴᠢᠨᠠᠷ᠂ ᠪᠠᠷᠠᠭ᠋ᠠᠯᠬᠢᠯᠠᠯᠳᠤ ᠴᠢᠨᠠᠷ᠎ᠢ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠬᠤ ᠬᠡᠷᠡᠭᠲᠡᠢ》 ᠭᠡᠵᠤ ᠲᠤᠷᠠᠳᠤᠬᠰᠠᠨ ᠪᠠᠢ᠌ᠨ᠎ᠠ᠃
ᠶᠡᠷᠤᠡᠭᠭᠡᠢ᠌ᠯᠡᠭᠰᠡᠨ ᠠᠵᠢᠯ
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠭᠡᠵᠢᠩ᠎ᠤᠨ ᠣᠯᠠᠨ ᠤᠯᠤᠰ᠎ᠤᠨ ᠺᠢᠨᠣ᠋ ᠵᠢᠨ ᠪᠠᠶᠠᠷ᠎ᠤᠨ ᠸᠢᠳᠢᠤ᠋ ᠨᠢᠭᠡᠴᠢ ᠵᠢᠨ ᠭᠣᠣᠯ ᠰᠡᠳᠦᠪᠲᠦ ᠶᠠᠷᠢᠶᠠᠨ᠎ᠤ ᠲᠠᠪᠴᠠᠩ ᠪᠣᠯᠣᠨ ᠢᠷᠠᠭᠤ ᠠᠯᠳᠠᠷ᠎ᠤᠨ ᠦᠪᠡᠳᠡᠭᠰᠢ ᠶᠣᠰᠣᠯᠠᠯ᠎ᠢ ᠤᠷᠴᠢᠮ᠎ᠳᠤ ᠠᠮᠵᠢᠯᠲᠠ᠎ᠲᠠᠢ ᠡᠷᠭᠢᠯᠡᠪᠡ᠃ 《ᠠᠷᠠᠳ᠎ᠤᠨ ᠶᠠᠪᠤᠳᠠᠯ᠎ᠤᠨ ᠳᠤᠮᠳᠠᠳᠤ ᠤᠯᠤᠰ》᠎ᠤᠨ ᠬᠡᠰᠡᠭ᠎ᠲᠤ 33 ᠪᠦᠲᠦᠭᠡᠯ ᠱᠠᠩᠨᠠᠯ ᠭᠥᠷᠳᠡᠪᠡ᠂ ᠡᠭᠦᠨ᠎ᠳᠤ ᠨᠢᠭᠡᠳᠦᠭᠡᠷ ᠳᠡᠰ᠎ᠤᠨ ᠰᠢᠯᠢᠳᠡᠭ ᠪᠦᠲᠦᠭᠡᠯ 3᠂ ᠬᠣᠶᠠᠳᠤᠭ᠋ᠠᠷ ᠳᠡᠰ᠎ᠤᠨ ᠰᠢᠯᠢᠳᠡᠭ ᠪᠦᠲᠦᠭᠡᠯ 10᠂ ᠭᠤᠷᠪᠠᠳᠤᠭ᠋ᠠᠷ ᠳᠡᠰ᠎ᠤᠨ ᠰᠢᠯᠢᠳᠡᠭ ᠪᠦᠲᠦᠭᠡᠯ 20 ᠪᠣᠶ᠃ ᠡᠭᠦᠨ᠎ᠠᠴᠠ ᠭᠠᠳᠠᠨ᠎ᠠ ᠠᠷᠠᠳ᠎ᠤᠨ ᠶᠠᠪᠤᠳᠠᠯ᠎ᠤᠨ ᠰᠡᠳᠦᠪᠲᠦ 3 ᠪᠦᠲᠦᠭᠡᠯ᠎ᠨᠢ ᠰᠣᠨᠢᠨ ᠮᠡᠳᠡᠭᠡᠨ᠎ᠤ ᠲᠥᠷᠥᠯ᠂ ᠬᠥᠮᠥᠨ ᠰᠣᠶᠣᠯ᠎ᠤᠨ ᠲᠥᠷᠥᠯ ᠪᠠ ᠰᠣᠶᠣᠯ ᠤᠷᠠᠯᠢᠭ᠎ᠤᠨ ᠲᠥᠷᠥᠯ᠎ᠤᠨ ᠱᠠᠩᠨᠠᠯ᠎ᠢ ᠢᠷᠠᠭᠤ ᠠᠯᠳᠠᠷᠲᠠᠢ᠎ᠪᠠᠷ ᠭᠥᠷᠳᠡᠪᠡ᠃
ᠨᠡᠢ᠌ᠭᠡᠮ᠎ᠤᠨ ᠲᠤᠰᠠᠯᠠᠮᠵᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠥᠨᠳᠥᠷ ᠪᠦᠲᠦᠮᠵᠢᠲᠡᠶ ᠳᠠᠭ᠋ᠠᠬᠤ ᠲᠣᠭᠲᠠᠴᠠ᠎ᠳᠤ ᠲᠦᠰᠢᠭᠯᠡᠨ ᠣᠷᠣᠨ ᠪᠦᠰᠡ ᠠᠯᠤᠰᠯᠠᠨ ᠬᠠᠮᠵᠢᠯᠴᠠᠬᠤ ᠵᠢ ᠴᠢᠩᠭ᠋ᠠᠳᠬᠠᠵᠤ᠂ ᠪᠤᠭᠤᠳᠤ ᠬᠣᠲᠠ ᠵᠢᠨ ᠲᠤᠰᠠᠯᠠᠮᠵᠢ ᠵᠢᠨ᠎ᠤ ᠥᠷᠲᠡᠭᠡ 《ᠤᠷᠢᠳ ᠵᠶ᠋ᠡᠷ ᠠᠪᠤᠷᠠᠨ᠂ ᠳᠠᠷᠠᠭ᠎ᠠ᠎ᠨᠢ ᠲᠤᠰᠠᠯᠠᠬᠤ》 ᠵᠠᠷᠴᠢᠮ ᠶᠣᠰᠣᠭ᠋ᠠᠷ ᠲᠣᠰ ᠲᠣᠰ ᠬᠠᠷᠠᠮᠥ᠋ᠷᠡᠨ᠎ᠤ ᠬᠠᠷᠪᠢᠨ (ᠮᠡᠳᠡᠷᠡᠯ᠎ᠤᠨ ᠡᠪᠡᠳᠴᠢᠨ ᠵᠶ᠋ᠡᠷ ᠰᠡᠵᠢᠭᠯᠡᠭᠳᠡᠭᠰᠡᠨ ᠬᠥᠮᠥᠨ)᠂ ᠭᠢᠷᠢᠨ᠎ᠤ ᠢᠤᠢ᠍ᠢ᠍ᠱ᠌ᠦ (ᠲᠠᠮᠪᠠᠷᠠᠭᠰᠠᠨ)᠎ᠠᠴᠠ ᠢᠷᠡᠭᠰᠡᠨ 2 ᠲᠡᠨᠦᠭᠦᠯ ᠬᠥᠮᠥᠰ᠎ᠢ ᠲᠦᠷᠭᠡᠨ ᠬᠦᠷᠭᠡᠨ ᠠᠪᠤᠷᠠᠨ ᠵᠠᠰᠠᠵᠤ᠂ ᠬᠣᠶᠠᠷ ᠭᠠᠵᠠᠷ᠎ᠤᠨ ᠲᠤᠰᠠᠯᠠᠮᠵᠢ ᠵᠢᠨ ᠪᠠᠢ᠌ᠭᠤᠯᠤᠮᠵᠢ ᠵᠢᠨ᠎ᠬᠢᠨ᠎ᠲᠠᠢ ᠬᠠᠷᠢᠯᠴᠠᠵᠤ ᠪᠡᠶ᠎ᠡ ᠵᠢᠨ ᠭᠠᠷᠤᠯ᠎ᠢ᠎ᠨᠢ ᠬᠠᠷᠭᠤᠭᠤᠯᠤᠨ ᠲᠣᠳᠣᠯᠠᠵᠠᠢ᠃ ᠡᠪᠡᠳᠴᠢᠨ᠎ᠤ ᠪᠠᠢ᠌ᠳᠠᠯ ᠲᠣᠭᠲᠠᠭᠤᠨ ᠪᠣᠯᠤᠭᠰᠠᠨ᠎ᠤ ᠳᠠᠷᠠᠭ᠎ᠠ ᠠᠵᠢᠯᠲᠠᠳ ᠲᠡᠭᠦᠨ᠎ᠢ ᠭᠤᠷᠪᠠᠨ ᠮᠤᠵᠢ ᠠᠯᠤᠰᠯᠠᠨ ᠠᠮᠤᠷ ᠲᠦᠪᠰᠢᠨ ᠵᠶ᠋ᠡᠷ ᠨᠤᠲᠤᠭ᠎ᠲᠤ᠎ᠨᠢ ᠬᠦᠷᠭᠡᠵᠦ ᠥᠭᠴᠡᠢ᠃ ᠲᠣᠰ ᠠᠵᠢᠯᠯᠠᠭ᠎ᠠ᠎ᠨᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠬᠦ ᠵᠢ ᠬᠠᠷᠠᠭᠤᠯᠵᠤ᠂ ᠮᠤᠵᠢ ᠠᠯᠤᠰᠯᠠᠨ ᠬᠣᠯᠪᠤᠭ᠋ᠠᠯᠠᠨ ᠬᠥᠳᠡᠯᠦᠯᠴᠡᠵᠦ ᠲᠤᠰᠠᠯᠠᠬᠤ ᠦᠢ᠍ᠯᠡᠴᠢᠯᠡᠭᠡᠨ᠎ᠤ 《ᠬᠠᠯᠠᠭᠤᠨ ᠳᠤᠯᠠᠭ᠋ᠠᠨ ᠤᠤᠷ ᠥᠩᠭᠡ》 ᠵᠢ ᠦᠢ᠍ᠯᠡᠳᠦᠯᠭᠡᠵᠢᠭᠦᠯᠪᠡ᠃
ᠬᠡᠦᠬᠡᠳ᠎ᠤᠨ ᠠᠰᠠᠷᠠᠮᠵᠢ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠢᠳᠡᠪᠬᠢᠲᠡᠢ᠎ᠪᠠᠷ ᠠᠵᠢᠯᠯᠠᠵᠤ ᠬᠡᠦᠬᠡᠳ᠎ᠤᠨ ᠲᠤᠰᠠᠯᠠᠮᠵᠢ ᠵᠢᠨ ᠪᠦᠷᠬᠦᠴᠡ ᠵᠢ ᠦᠷᠭᠦᠯᠵᠢᠯᠡᠨ ᠥᠷᠭᠡᠳᠬᠡᠪᠡ᠃ 2024 ᠣᠨ᠎ᠳᠤ᠂ 138 ᠲᠦᠮᠡᠨ ᠲᠥᠭᠥᠷᠢᠭ᠎ᠤᠨ ᠲᠤᠰᠬᠠᠢ ᠪᠡᠯᠡ ᠮᠥᠩᠭᠥ ᠵᠢ ᠨᠠᠰᠤᠨ᠎ᠳᠤ ᠥᠯᠥ ᠭᠦᠷᠦᠭᠰᠡᠳ᠎ᠢ ᠬᠠᠢ᠌ᠷᠠᠯᠠᠵᠤ ᠬᠠᠮᠠᠭ᠋ᠠᠯᠠᠬᠤ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠬᠡᠷᠡᠭᠯᠡᠵᠦ᠂ 5 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠨᠠᠢ᠌ᠳᠠᠵᠤ᠂ ᠪᠥᠬᠥ ᠠᠢ᠌ᠮᠠᠭ᠎ᠤᠨ ᠬᠡᠪᠴᠢᠶᠡᠨ᠎ᠳᠤ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠠᠨᠳᠤᠭᠤᠯᠤᠨ ᠬᠠᠯᠠᠮᠵᠢᠯᠠᠬᠤ ᠦᠢ᠍ᠯᠡᠴᠢᠯᠡᠭᠡ ᠥᠷᠨᠢᠭᠦᠯᠪᠡ᠃ 2025 ᠣᠨ᠎ᠤ ᠨᠢᠭᠡᠳᠦᠭᠡᠷ ᠤᠯᠠᠷᠢᠯ᠎ᠳᠤ ᠨᠡᠶ᠋ᠢᠲᠡ 61 ᠲᠠᠯᠠᠪᠤᠷ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ ᠬᠡᠦᠬᠡᠳ᠎ᠲᠤ᠂ 1800 ᠭᠠᠷᠤᠢ ᠤᠳᠠᠭ᠎ᠠ ᠠᠰᠢᠭ ᠭᠥᠷᠳᠡᠭᠰᠡᠨ ᠪᠠᠢ᠌ᠨ᠎ᠠ᠃ ᠡᠭᠦᠨ᠎ᠤ ᠵᠡᠷᠭᠡ᠎ᠳᠤ 550 ᠬᠡᠦᠬᠡᠳ᠎ᠲᠤ ᠰᠡᠳᠬᠢᠴᠡ ᠵᠢᠨ ᠡᠷᠡᠭᠦᠯ ᠮᠡᠨᠳᠦ ᠵᠢᠨ ᠦᠨᠡᠯᠡᠯᠲᠡ ᠬᠢᠬᠦ ᠵᠢᠨ ᠬᠠᠮᠲᠤ ᠲᠤᠰᠬᠠᠢ ᠮᠡᠷᠭᠡᠵᠢᠯ᠎ᠤᠨ ᠵᠠᠳᠠᠯᠤᠯᠲᠠ ᠵᠢᠨ ᠮᠡᠳᠡᠭᠦᠯᠦᠯᠲᠡ ᠭᠠᠷᠭ᠋ᠠᠵᠤ᠂ ᠬᠡᠦᠬᠡᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠥᠭᠵᠢᠯᠲᠡ᠎ᠳᠤ ᠬᠦᠴᠦᠨ ᠨᠡᠮᠡᠷᠢᠯᠡᠪᠡ᠃