ᠴᠢᠬᠤᠯᠠ ᠮᠡᠳᠡᠭᠡ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠠᠷᠠᠳ᠎ᠤᠨ ᠠᠮᠢᠳᠤᠷᠠᠯ᠎ᠢ ᠤᠯᠠᠮ ᠪᠠᠲᠤᠯᠠᠨ ᠰᠠᠢ᠌ᠵᠢᠷᠠᠭᠤᠯᠵᠤ ᠣᠯᠠᠨ ᠲᠦᠮᠡᠨ᠎ᠤ ᠪᠠᠴᠢᠮᠳᠠᠯ ᠬᠦᠴᠢᠷᠳᠡᠯ ᠵᠣᠪᠠᠨᠢᠯ ᠪᠠᠷᠠᠯᠠᠯ᠎ᠢ ᠬᠦᠴᠦᠯᠡᠨ ᠰᠢᠢ᠍ᠳᠪᠦᠷᠢᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠰᠠᠨᠠᠯ᠎ᠳᠤ ᠨᠡᠢ᠌ᠭᠡᠮ᠎ᠤᠨ ᠪᠠᠲᠤᠯᠠᠭ᠎ᠠ ᠵᠢᠨ ᠭᠣᠣᠯᠴᠢ ᠴᠢᠨᠠᠷ᠎ᠢ ᠴᠢᠩᠭ᠋ᠠᠳᠬᠠᠬᠤ᠂ ᠣᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ᠎ᠢ ᠳᠡᠭᠡᠭᠰᠢᠯᠡᠭᠦᠯᠬᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠦᠢ᠍ᠯᠡᠴᠢᠯᠡᠭᠡᠨ᠎ᠤ ᠲᠦᠭᠡᠮᠡᠯ ᠬᠠᠷᠠᠭ᠋ᠠᠯᠵᠠᠯ᠎ᠤᠨ ᠴᠢᠨᠠᠷ᠎ᠢ ᠥᠷᠭᠡᠳᠬᠡᠬᠦ᠂ ᠣᠯᠠᠨ ᠶᠠᠩᠵᠤᠴᠢᠯᠠᠭᠰᠠᠨ ᠨᠡᠢ᠌ᠭᠡᠮ᠎ᠤᠨ ᠦᠢ᠍ᠯᠡᠴᠢᠯᠡᠭᠡᠨ᠎ᠤ ᠪᠣᠯᠣᠮᠵᠢᠲᠤ ᠴᠢᠨᠠᠷ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠪᠠᠢ᠌ᠷᠢᠯᠠᠭᠤᠯᠪᠠ᠃
ᠣᠷᠣᠨ ᠬᠤᠪᠢᠶᠠᠷᠢᠯᠠᠯ ᠭᠠᠵᠠᠷ᠎ᠤᠨ ᠨᠡᠷᠡᠰ
ᠤᠯᠠᠭ᠋ᠠᠨᠬᠠᠳᠠ ᠬᠤᠳᠠ ᠵᠢᠨ᠎ᠬᠢᠨ 《ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠎ᠠ》 ᠪᠠ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠢ ᠦᠷᠭᠦᠯᠵᠢᠯᠡᠨ ᠠᠬᠢᠭᠤᠯᠪᠠ᠃ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠤᠯᠠᠭ᠋ᠠᠨᠬᠠᠳᠠ ᠬᠣᠲᠠ ᠵᠢᠨ᠎ᠬᠢᠨ 《ᠬᠥᠳᠡᠭᠡ ᠲᠣᠰᠬᠣᠨ᠎ᠤ ᠠᠯᠳᠠᠷᠳᠤ ᠠᠵᠢᠯᠯᠠᠭ᠎ᠠ》 ᠫᠷᠣᠭ᠌ᠷᠠᠮ ᠵᠶ᠋ᠠᠷ 4192 ᠵᠢᠷᠤᠭ᠎ᠢ ᠴᠤᠭᠯᠠᠭᠤᠯᠵᠤ᠂ ᠳᠤᠮᠳᠠᠳᠤ ᠤᠯᠤᠰ · ᠲᠤᠮᠳᠠᠳᠤ ᠤᠯᠤᠰ᠎ᠤᠨ ᠭᠠᠵᠠᠷ ᠵᠦᠢ ᠵᠢᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠪᠠᠷ ᠳᠠᠮᠵᠢᠭᠤᠯᠤᠨ 20 ᠵᠤᠷᠪᠤᠰ (200 ᠵᠤᠷᠪᠤᠰ) ᠭᠠᠵᠠᠷ᠎ᠤᠨ ᠨᠡᠷᠡᠰ᠎ᠢ ᠳᠠᠩᠰᠠᠯᠠᠭᠤᠯᠪᠠ᠃ ᠯᠢᠶᠣᠤᠨᠢᠩ ᠮᠤᠵᠢ ᠬᠢᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠡᠭᠡᠯᠵᠢ ᠵᠢᠨ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠣᠷᠣᠯᠴᠠᠵᠤ᠂ ᠴᠣᠣᠶᠠᠩ ᠬᠣᠲᠠ᠎ᠯᠤᠭ᠎ᠠ 570 ᠺᠢᠯᠣᠮᠧᠲᠷ᠎ᠤᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢ ᠪᠡᠶᠡᠯᠡᠭᠦᠯᠵᠦ᠂ ᠨᠡᠶ᠋ᠢᠲᠡ 12 ᠬᠢᠯᠢ ᠵᠢᠨ ᠱᠣᠩ ᠪᠤᠯᠠᠵᠤ ᠲᠠᠯᠪᠢᠪᠠ᠃ ᠡᠨᠡ ᠬᠦ᠌ ᠬᠣᠶᠠᠷ ᠠᠵᠢᠯ᠎ᠨᠢ ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠵᠢᠷᠤᠮᠵᠢᠭᠰᠠᠨ ᠲᠦᠪᠰᠢᠨ᠎ᠢ ᠡᠮᠬᠢ ᠵᠢᠷᠤᠮ᠎ᠲᠠᠢ ᠳᠡᠭᠡᠭᠰᠢᠯᠡᠭᠦᠯᠵᠦ᠂ ᠣᠷᠣᠨ ᠪᠦᠰᠡ ᠵᠢᠨ ᠵᠠᠭ᠋ᠠᠭ᠎ᠤᠨ ᠬᠠᠮᠢᠶᠠᠷᠤᠯᠲᠠ ᠵᠢᠨ ᠬᠠᠮᠵᠢᠯᠴᠠᠭ᠎ᠠ ᠵᠢ ᠴᠢᠡᠭᠭ᠋ᠠᠳᠬᠠᠯᠠ᠃
ᠨᠡᠢ᠌ᠭᠡᠮ᠎ᠤᠨ ᠶᠠᠪᠤᠳᠠᠯ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠷᠴᠢᠮ᠎ᠳᠤ ᠲᠤᠷ᠎ᠠ᠎ᠪᠠᠷ ᠵᠶ᠋ᠡᠨ ᠪᠤᠯᠠᠰᠢ ᠪᠠᠷᠢᠵᠤ ᠳᠤᠷ᠎ᠠ᠎ᠪᠠᠷ ᠵᠶ᠋ᠠᠨ ᠣᠷᠣᠰᠢᠭᠤᠯᠬᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠡᠭᠴᠡᠯᠡᠬᠦ ᠠᠵᠢᠯ᠎ᠢ ᠴᠢᠡᠭᠭ᠋ᠠᠳᠬᠠᠨ᠂ ᠣᠷᠣᠰᠢᠭᠤᠯᠭ᠎ᠠ ᠵᠢᠨ ᠦᠢ᠍ᠯᠡᠴᠢᠯᠡᠭᠡᠨ ᠤ ᠲᠦᠬᠦᠬᠡᠷᠤᠮᠵᠢ ᠵᠢᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠨ ᠪᠤᠩᠬᠤᠨ ᠪᠠᠢ᠌ᠭᠤᠯᠤᠭᠰᠠᠨ᠎ᠢ ᠴᠡᠭᠴᠡᠯᠡᠬᠦ ᠠᠵᠢᠯ ᠤᠨ ᠲᠤᠰᠬᠠᠢ ᠠᠩᠭᠢ ᠪᠠᠶ᠋ᠢᠭᠤᠯᠬᠤ᠂ ᠲᠥᠪᠯᠡᠷᠡᠭᠦᠯᠦᠨ ᠴᠡᠭᠴᠡᠯᠡᠬᠦ ᠨᠠᠷᠢᠨ ᠬᠠᠭᠤᠳᠠᠰᠤ ᠪᠠᠶ᠋ᠢᠭᠤᠯᠬᠤ᠂ ᠠᠯᠪᠠᠨ ᠵᠠᠷ ᠨᠡᠢ᠌ᠲᠡᠯᠡᠬᠦ᠂ ᠵᠠᠰᠠᠬᠤ ᠬᠠᠷᠠᠯᠲᠠ ᠵᠢᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ᠎ᠪᠠᠷ ᠳᠠᠮᠵᠢᠭᠤᠯᠤᠨ᠂ ᠪᠤᠩᠬᠤᠨ ᠢ ᠨᠤᠷᠠᠭ᠋ᠠᠵᠤ ᠨᠡᠭᠦᠯᠭᠡᠬᠦ᠂ ᠨᠣᠭᠣᠭ᠋ᠠᠷᠠᠭᠤᠯᠵᠤ ᠬᠠᠯᠬᠠᠯᠠᠬᠤ᠂ ᠡᠭᠦᠳᠡᠨ ᠬᠡᠷ᠎ᠢ᠎ᠨᠢ ᠨᠤᠷᠠᠭ᠋ᠠᠬᠤ ᠵᠡᠷᠭᠡ ᠠᠷᠭ᠎ᠠ᠎ᠪᠠᠷ ᠵᠠᠰᠠᠯᠲᠠ ᠵᠢ ᠠᠬᠢᠭᠤᠯᠤᠯ᠎ᠠ᠃ ᠵᠢᠤᠶᠤᠸᠠᠨ ᠲᠣᠭᠣᠷᠢᠭ᠎ᠤᠨ ᠰᠢᠢ᠍ᠳᠪᠤᠷᠢᠯᠡᠬᠡᠳᠤᠢ ᠪᠠᠢ᠌ᠬᠰᠠᠨ ᠲᠥᠪᠯᠡᠷᠡᠭᠦᠯᠦᠨ ᠪᠤᠯᠠᠰᠢᠯᠠᠬᠤ ᠭᠠᠵᠠᠷ ᠪᠠ 《ᠭᠤᠷᠪᠠᠨ ᠬᠦᠪᠡᠭᠡ ᠲᠤᠯᠤᠭ᠋ᠠᠨ ᠲᠣᠭᠣᠷᠢᠭ》᠎ᠲᠠᠬᠢ ᠲᠣᠭᠲᠠᠭ᠋ᠠᠯ᠎ᠠᠴᠠ ᠵᠥᠷᠢᠴᠡᠨ ᠪᠤᠯᠠᠰᠢᠨ ᠭᠠᠵᠠᠷ ᠪᠠᠶ᠋ᠢᠭᠤᠯᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ᠎ᠳᠤ ᠴᠢᠭᠯᠡᠭᠦᠯᠵᠦ 2000 ᠭᠠᠷᠤᠢ ᠪᠤᠯᠠᠰᠢ ᠵᠢ ᠴᠡᠭᠴᠡᠯᠡᠪᠡ᠃
ᠨᠢᠬᠦᠯᠡᠰᠤᠡᠭᠭᠦᠢ ᠵᠢᠨ ᠦᠢ᠍ᠯᠡᠰ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠦᠬᠡᠬᠤᠳᠠ ᠵᠢᠨ ᠡᠨᠡᠷᠢᠩᠭᠦᠢ ᠵᠢᠭᠤᠯᠴᠢᠯᠠᠯ᠎ᠤᠨ ᠨᠡᠶ᠋ᠢᠲᠡ ᠵᠢᠨ ᠠᠰᠠᠷᠠᠮᠵᠢ ᠵᠢᠨ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠨ ᠨᠠᠮ᠎ᠤᠨ ᠪᠠᠢ᠌ᠭᠤᠯᠤᠯᠲᠠ᠎ᠪᠠᠷ ᠨᠢᠭᠦᠯᠡᠰᠦᠩᠭᠦᠢ ᠵᠢᠨ ᠰᠣᠶᠣᠯ᠎ᠢ ᠨᠡᠢ᠌ᠭᠡᠮ ᠲᠣᠭᠣᠷᠢᠭ᠎ᠲᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ 《ᠨᠡᠷᠡᠨ ᠬᠡᠷᠡᠯᠳᠦ ᠭᠡᠷ ᠣᠷᠣᠨ》᠎ᠤ ᠨᠡᠶ᠋ᠢᠲᠡ ᠵᠢᠨ ᠠᠰᠠᠷᠠᠮᠵᠢ ᠵᠢᠨ ᠬᠠᠮᠲᠤᠷᠠᠯᠴᠠᠭ᠋ᠠᠨ᠎ᠤ ᠲᠥᠷᠥᠯ ᠵᠦᠢ᠍ᠯ᠎ᠤᠨ ᠲᠣᠭᠲᠠᠴᠠ᠎ᠳᠤ ᠲᠦᠰᠢᠭᠯᠡᠨ᠂ ᠵᠣᠬᠢᠶᠠᠨ ᠪᠠᠢ᠌ᠭᠤᠯᠵᠤ ᠬᠠᠮᠲᠤᠷᠠᠨ ᠪᠠᠶ᠋ᠢᠭᠤᠯᠬᠤ᠂ ᠡᠬᠢ ᠪᠠᠶᠠᠯᠢᠭ᠎ᠢ ᠬᠠᠮᠲᠤᠷᠠᠨ ᠡᠳ᠋ᠯᠡᠬᠦ᠂ ᠦᠢ᠍ᠯᠡᠴᠢᠯᠡᠭᠡ ᠵᠢ ᠬᠠᠮᠲᠤᠷᠠᠨ ᠠᠬᠢᠭᠤᠯᠬᠤ᠎ᠪᠠᠷ ᠪᠠᠷᠢᠴᠨ ᠪᠣᠯᠭ᠋ᠠᠵᠤ᠂ 《ᠨᠠᠮ᠎ᠤᠨ ᠪᠠᠢ᠌ᠭᠤᠯᠤᠯᠲᠠ + ᠨᠢᠭᠦᠯᠡᠰᠦᠩᠭᠦᠢ + ᠭᠡᠷ ᠪᠦᠯᠢ》 ᠵᠢᠨ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡᠨ᠎ᠤ ᠵᠠᠭᠪᠤᠷ᠎ᠢ ᠪᠣᠶ ᠪᠣᠯᠭ᠋ᠠᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ 《ᠨᠡᠷᠡᠨ ᠬᠡᠷᠡᠯᠳᠦ ᠴᠡᠩᠭᠡᠯ᠎ᠤᠨ ᠣᠨ》 ᠨᠡᠢ᠌ᠭᠡᠮ ᠲᠣᠭᠣᠷᠢᠭ᠎ᠤᠨ ᠠᠬᠠᠮᠠᠳ ᠨᠢᠯᠬᠠᠰ᠎ᠤᠨ ᠨᠥᠬᠥᠷᠰᠡᠭ ᠠᠵᠢᠯᠯᠠᠭ᠎ᠠ ᠵᠢᠨ ᠲᠥᠯᠥᠪᠯᠡᠭᠡ ᠵᠢ ᠨᠡᠢ᠌ᠲᠡᠯᠡᠭᠰᠡᠨ ᠪᠥᠭᠡᠳ 《ᠵᠣᠯ ᠵᠢᠷᠭ᠋ᠠᠯ᠎ᠲᠠᠢ᠎ᠪᠠᠷ ᠭᠡᠷ ᠪᠦᠯᠢ᠎ᠳᠤ ᠤᠯᠠᠮᠵᠢᠯᠠᠬᠤ》 10 ᠲᠦᠮᠡᠨ ᠲᠥᠭᠥᠷᠢᠭ᠎ᠤᠨ ᠲᠤᠰᠬᠠᠢ ᠬᠠᠨᠳᠢᠪ᠎ᠢ ᠡᠬᠢᠯᠡᠭᠦᠯᠵᠦ᠂ ᠨᠢᠭᠦᠯᠡᠰᠦᠩᠭᠦᠢ ᠵᠢᠨ ᠰᠣᠶᠣᠯ᠎ᠤᠨ ᠭᠡᠷ ᠪᠦᠯᠢ ᠵᠢᠨ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠬᠤ ᠠᠵᠢᠯ᠎ᠢ ᠠᠬᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠰᠢᠨ᠎ᠡ ᠵᠢ ᠡᠭᠦᠳᠬᠦ᠎ᠳᠤ ᠬᠦᠴᠦᠨ ᠨᠡᠮᠡᠷᠢᠯᠡᠪᠡ᠃
ᠣᠷᠣᠨ᠎ᠤ ᠭᠠᠳᠠᠨᠠᠬᠢ ᠮᠡᠳᠡᠭᠡ ᠵᠠᠩᠭᠢ
ᠰᠧᠴᠦᠦᠠᠨ ᠮᠤᠵᠢ ᠵᠢᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠂ ᠰᠸᠴᠤᠸᠠᠨ ᠮᠤᠵᠢ ᠵᠢᠨ ᠲᠠᠷᠢᠶᠠᠯᠠᠩ ᠬᠥᠳᠡᠭᠡ ᠲᠣᠰᠬᠣᠨ᠎ᠤ ᠲᠢᠩᠬᠢᠮ᠎ᠤᠨ᠎ᠬᠢᠨ ᠤᠷᠴᠢᠮ᠎ᠳᠤ ᠬᠠᠮᠲᠤᠷᠠᠨ 《〈ᠰᠸᠴᠤᠸᠠᠨ᠎ᠤ ᠪᠤᠭᠤᠷᠤᠯᠴᠤᠳ᠎ᠤᠨ ᠠᠵᠢᠯᠯᠠᠭ᠎ᠠ〉᠎ᠨᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ᠂ ᠡᠨᠡ ᠵᠢᠯ ᠰᠧᠴᠦᠦᠠᠨᠤᠬᠢᠨ 《ᠰᠸᠴᠤᠸᠠᠨ᠎ᠤ ᠪᠤᠭᠤᠷᠤᠯᠴᠤᠳ᠎ᠤᠨ ᠠᠵᠢᠯᠯᠠᠭ᠎ᠠ》᠎ᠪᠠᠷ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠠᠪᠤᠨ ᠶᠡᠬᠡ ᠠᠵᠢᠯᠯᠠᠭ᠎ᠠ ᠵᠢ ᠡᠬᠢᠯᠡᠭᠦᠯᠦᠨ᠎ᠡ᠂ ᠲᠤᠬᠠᠢ᠌ᠯᠠᠪᠠᠯ ᠪᠤᠭᠤᠷᠤᠯᠴᠤᠳ᠎ᠤᠨ ᠠᠵᠤ ᠦᠢ᠍ᠯᠡᠰ᠎ᠤᠨ ᠬᠥᠭᠵᠢᠯᠲᠡ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠂ ᠬᠥᠳᠡᠭᠡ ᠲᠣᠰᠬᠣᠨ᠎ᠤ ᠵᠠᠰᠠᠯᠲᠠ᠂ ᠬᠥᠳᠡᠭᠡ ᠲᠣᠰᠬᠣᠨ᠎ᠤ ᠰᠣᠶᠣᠯ᠂ ᠬᠥᠳᠡᠭᠡ ᠲᠣᠰᠬᠣᠨ᠎ᠤ ᠨᠡᠢ᠌ᠭᠡᠮ᠎ᠤᠨ ᠦᠢ᠍ᠯᠡᠰ᠎ᠲᠤ ᠬᠦᠴᠦᠨ ᠨᠡᠮᠡᠷᠢᠯᠡᠵᠦ᠂ ᠡᠯ᠎ᠡ ᠬᠣᠲᠠ (ᠵᠧᠦ) ᠵᠢᠨ᠎ᠬᠢᠨ 15 ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠳᠣᠲᠣᠷ᠎ᠠ᠎ᠠᠴᠠ ᠨᠠᠭ᠋ᠠᠲᠤ ᠵᠠᠬ᠎ᠠ᠎ᠳᠤ᠎ᠪᠠᠨ 5 ᠲᠥᠷᠥᠯ ᠵᠦᠢ᠍ᠯ᠎ᠢ ᠰᠣᠩᠭᠣᠨ ᠨᠠᠰᠤᠲᠠᠢ᠌ᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠥᠷᠨᠢᠭᠦᠯᠵᠦ᠂ ᠪᠥᠬᠥ ᠮᠤᠵᠢ᠎ᠳᠤ 1500 ᠲᠠᠯᠠᠪᠤᠷ (ᠤᠳᠠᠭ᠎ᠠ)᠎ᠠᠴᠠ ᠳᠤᠲᠠᠭᠤ ᠦᠭᠡᠢ ᠠᠵᠢᠯᠯᠠᠭ᠎ᠠ ᠥᠷᠨᠢᠭᠦᠯᠦᠨ᠎ᠡ ᠭᠡᠵᠤ ᠲᠤᠷᠠᠳᠤᠬᠰᠠᠨ ᠪᠠᠢ᠌ᠨ᠎ᠠ᠃