ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.12
ᠨᠡᠶᠢᠲᠡᠯᠡᠭᠰᠡᠨ ᠴᠠᠭ᠄ 2025-06-12

  ᠠᠷᠠᠳ᠎ᠤᠨ ᠶᠠᠪᠤᠳᠠᠯ᠎ᠤᠨ ᠶᠠᠮᠤᠨ


   ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠠᠯᠪᠠᠨ ᠲᠢᠩᠬᠢᠮ᠂ ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ ᠬᠠᠮᠲᠤᠷᠠᠨ 《ᠣᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠠᠰᠢᠨ ᠬᠥᠮᠥᠨ᠎ᠤ ᠬᠣᠣᠰᠯᠠᠯ ᠪᠠᠶ᠋ᠢᠭᠤᠯᠬᠤ  ᠪᠤᠭᠤᠮᠳᠠ ᠰᠢᠪᠳᠤᠯᠤᠯᠳᠠ ᠪᠠ ᠠᠬᠤᠢ ᠲᠠᠯᠠᠪᠠᠶ ᠵᠢᠨ ᠬᠡᠷᠡᠭᠯᠡᠯᠲᠡ ᠵᠢᠨ ᠲᠤᠷᠰᠢᠯᠲᠠ ᠵᠢᠨ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠨᠠᠰᠤᠲᠠᠢ᠌ᠴᠤᠳ᠎ᠤᠨ ᠠᠮᠢᠳᠤᠷᠠᠯ᠎ᠤᠨ ᠴᠢᠨᠰᠠᠭ᠎ᠠ ᠵᠢ ᠳᠡᠭᠡᠭᠰᠢᠯᠡᠭᠦᠯᠬᠦ᠂ ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠠᠰᠠᠷᠠᠨ ᠬᠠᠷᠠᠭ᠋ᠠᠯᠵᠠᠬᠤ ᠳᠠᠷᠤᠭ᠋ᠠᠰᠤ ᠵᠢ ᠬᠥᠩᠭᠡᠷᠡᠭᠦᠯᠬᠦ᠂ ᠪᠠᠢ᠌ᠭᠤᠯᠤᠮᠵᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠥᠮᠥᠨ᠎ᠤ ᠬᠦᠴᠦᠨ᠎ᠤ ᠳᠤᠲᠠᠭᠤᠳᠠᠯ᠎ᠢ ᠨᠥᠬᠥᠪᠦᠷᠢᠯᠡᠬᠦ᠂ ᠨᠠᠰᠤᠵᠢᠯ᠎ᠤᠨ ᠠᠰᠠᠷᠠᠮᠵᠢ ᠵᠢᠨ ᠨᠢᠭᠡ ᠪᠦᠯᠦᠭ ᠣᠶᠤᠨᠲᠤ ᠨᠠᠰᠤᠵᠢᠯ᠎ᠤᠨ ᠦᠢ᠍ᠯᠡᠴᠢᠯᠡᠭᠡᠨ᠎ᠤ ᠮᠠᠰᠢᠨ ᠬᠥᠮᠥᠨ᠎ᠤ ᠪᠣᠭᠣᠮᠲᠠ ᠰᠢᠪᠲᠤᠯᠬᠤ ᠪᠠ ᠬᠡᠷᠡᠭᠯᠡᠭᠡᠨ᠎ᠤ ᠲᠤᠷᠰᠢᠯᠲᠠ ᠵᠢᠨ ᠴᠡᠭ᠎ᠤᠨ ᠲᠥᠷᠥᠯ ᠵᠦᠢ᠍ᠯ᠎ᠢ ᠱᠠᠲᠤ ᠬᠤᠪᠢᠶᠠᠨ ᠬᠡᠷᠡᠭᠵᠢᠭᠦᠯᠵᠦ᠂ ᠰᠤᠳᠤᠯᠤᠨ ᠬᠡᠷᠡᠭᠯᠡᠬᠦ ᠬᠣᠶᠠᠷ ᠲᠠᠯ᠎ᠠ᠎ᠪᠠᠷ ᠵᠶ᠋ᠠᠨ ᠬᠣᠣᠰᠯᠠᠨ ᠠᠵᠢᠯᠯᠠᠵᠤ ᠪᠣᠭᠣᠮᠲᠠ ᠰᠢᠪᠲᠤᠯᠬᠤ ᠵᠢ ᠠᠬᠢᠭᠤᠯᠵᠤ᠂ ᠦᠢ᠍ᠯᠡᠳᠬᠦᠨ᠎ᠢ ᠭᠡᠷ ᠪᠦᠯᠢ᠂ ᠨᠡᠢ᠌ᠭᠡᠮ ᠲᠣᠭᠣᠷᠢᠭ ᠪᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ ᠲᠠᠯᠠᠪᠤᠷ᠎ᠲᠠᠬᠢ ᠬᠡᠷᠡᠭᠯᠡᠭᠡᠨ᠎ᠤ ᠰᠢᠯᠭ᠋ᠠᠨ ᠪᠠᠲᠤᠯᠠᠬᠤ ᠪᠠ ᠳᠠᠪᠬᠤᠴᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ᠂ ᠨᠢᠭᠡ ᠪᠦᠯᠦᠭ ᠣᠯᠠᠨ ᠲᠠᠰ ᠳᠠᠪᠬᠤᠷᠭ᠎ᠠ ᠵᠢᠨ᠂ ᠣᠯᠠᠨ ᠶᠠᠩᠵᠤ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ ᠳᠡᠶ᠋ᠢᠯᠬᠦ ᠮᠠᠰᠢᠨ ᠬᠥᠮᠥᠨ᠎ᠤ ᠦᠢ᠍ᠯᠡᠳᠬᠦᠨ᠎ᠢ ᠪᠣᠶ ᠪᠣᠯᠭ᠋ᠠᠵᠤ᠂ ᠪᠠᠷᠢᠮᠵᠢᠶ᠎ᠠ ᠵᠢᠨ ᠵᠢᠷᠤᠮᠵᠢᠯ ᠪᠠ ᠦᠨᠡᠯᠡᠬᠦ ᠰᠢᠰᠲᠸᠮ᠎ᠢ ᠦᠷᠭᠦᠯᠵᠢᠯᠡᠨ ᠪᠠᠢ᠌ᠭᠤᠯᠤᠨ ᠲᠡᠭᠦᠯᠳᠡᠷᠵᠢᠭᠦᠯᠦᠨ᠎ᠡ ᠬᠡᠵᠡᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠳᠤ 95 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠬᠠᠯᠠᠮᠵᠢ ᠬᠦᠷᠭᠡᠵᠦ ᠰᠢᠯᠭ᠋ᠠᠯᠲᠠ ᠬᠦᠷᠭᠡᠬᠦ᠂ ᠰᠡᠳᠬᠢᠴᠡ ᠵᠢᠨ ᠵᠢᠯᠣᠭᠣᠳᠤᠯᠭ᠎ᠠ᠂ ᠡᠳ᠋ ᠪᠣᠳᠠᠰ᠎ᠤᠨ ᠬᠠᠩᠭ᠋ᠠᠯᠭ᠎ᠠ ᠵᠡᠷᠭᠡ ᠬᠡᠯᠪᠡᠷᠢ᠎ᠪᠠᠷ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠰᠢᠯᠭ᠋ᠠᠯᠲᠠ ᠵᠢᠨ ᠰᠤᠷᠤᠭᠴᠢᠳ᠎ᠤᠨ ᠠᠶᠠᠨ ᠵᠠᠮ᠎ᠳᠤ ᠪᠠᠳᠤᠯᠠᠭ᠎ᠠ ᠬᠠᠡᠭᠭ᠋ᠠᠪᠠ᠃ ᠲᠣᠰ ᠠᠵᠢᠯᠯᠠᠭ᠎ᠠ᠎ᠳᠤ 2200 ᠭᠠᠷᠤᠢ ᠰᠠᠢ᠌ᠨ ᠲᠤᠷᠠᠴᠤᠤᠯ ᠲᠣᠮᠢᠯᠠᠵᠤ᠂ 45 ᠦᠢ᠍ᠯᠡᠴᠢᠯᠡᠭᠡᠨ᠎ᠤ ᠥᠷᠲᠡᠭᠡ ᠭᠠᠷᠭ᠋ᠠᠵᠤ᠂ 9000 ᠭᠠᠷᠤᠢ (5 ᠲᠦᠮᠡᠨ ᠲᠥᠭᠥᠷᠢᠭ᠎ᠤᠨ ᠥᠷᠲᠡᠭ ᠪᠦᠬᠦᠢ) ᠡᠳ᠋ ᠪᠣᠳᠠᠰ ᠲᠠᠷᠬᠠᠭ᠋ᠠᠵᠤ᠂ 700 ᠭᠠᠷᠤᠢ ᠬᠠᠯᠠᠮᠵᠢ ᠬᠦᠷᠭᠡᠬᠦ ᠮᠠᠰᠢᠨ ᠲᠡᠷᠭᠡ ᠡᠯᠰᠡᠵᠦ᠂ 290 ᠰᠢᠯᠭ᠋ᠠᠭᠤᠯᠤᠭᠴᠢ ᠵᠢ ᠲᠤᠰᠴᠤ ᠬᠦᠷᠭᠡᠵᠦ᠂ 80 ᠭᠠᠷᠤᠢ ᠤᠳᠠᠭ᠎ᠠ ᠰᠡᠳᠬᠢᠴᠡ ᠵᠢᠨ ᠦᠢ᠍ᠯᠡᠴᠢᠯᠡᠭᠡ ᠬᠠᠩᠭ᠋ᠠᠭᠰᠠᠨ ᠪᠠᠢ᠌ᠨ᠎ᠠ᠃ ᠡᠯ᠎ᠡ ᠵᠣᠬᠢᠶᠠᠨ ᠪᠠᠢ᠌ᠭᠤᠯᠤᠯᠲᠠ ᠡᠬᠢ ᠪᠠᠶᠠᠯᠢᠭ᠎ᠢ ᠡᠮᠬᠢᠯᠡᠨ ᠦᠢ᠍ᠯᠡᠴᠢᠯᠡᠭᠡᠨ᠎ᠤ ᠵᠢᠭᠰᠠᠭ᠋ᠠᠯ᠎ᠢ ᠪᠣᠶ ᠪᠣᠯᠭ᠋ᠠᠵᠤ᠂ ᠣᠯᠠᠨ ᠡᠰᠢᠲᠦ ᠠᠷᠭ᠎ᠠ᠎ᠪᠠᠷ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭ᠋ᠠᠯᠲᠠ ᠵᠢᠨ ᠤᠷᠤᠭᠰᠢᠲᠠᠢ ᠶᠠᠪᠤᠭᠳᠠᠬᠤ ᠵᠢ ᠳᠡᠮᠵᠢᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠨᠡᠢ᠌ᠭᠡᠮ᠎ᠤᠨ ᠦᠢ᠍ᠯᠡᠴᠢᠯᠡᠭᠡ᠎ᠳᠤ ᠣᠷᠣᠯᠴᠠᠬᠤ ᠢᠳᠡᠪᠬᠢ ᠦᠢ᠍ᠯᠡᠳᠦᠯ᠎ᠢ ᠢᠯᠡᠷᠡᠭᠦᠯᠪᠡ᠃


ᠨᠠᠰᠤᠵᠢᠯ᠎ᠤᠨ ᠦᠢ᠍ᠯᠡᠴᠢᠯᠡᠭᠡ


     ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠲᠦᠮᠡᠳ ᠪᠠᠷᠠᠭᠤᠨ ᠬᠣᠰᠢᠭᠤᠨ᠎ᠳᠤ  ᠪᠤᠭᠤᠳᠤ ᠬᠣᠲᠠ ᠵᠢᠨ ᠬᠥᠳᠡᠭᠡ ᠲᠣᠰᠬᠣᠨ᠎ᠤ ᠨᠠᠰᠤᠲᠠᠢ᠌ᠴᠤᠳ᠎ᠤᠨ ᠬᠣᠭᠣᠯᠠ ᠢᠳᠡᠬᠦ ᠦᠢ᠍ᠯᠡᠴᠢᠯᠡᠭᠡᠨ᠎ᠤ ᠲᠤᠬᠠᠢ ᠵᠢᠨ ᠲᠠᠯᠠᠪᠤᠷ᠎ᠲᠤ ᠲᠣᠭᠣᠷᠢᠨ ᠦᠵᠡᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ᠃ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠨ ᠰᠤᠳᠤᠯᠤᠯᠲᠠ ᠬᠢᠵᠦ ᠬᠣᠭᠣᠯᠠ ᠤᠮᠳᠠ᠎ᠳᠤ ᠲᠤᠰᠠᠯᠠᠬᠤ ᠵᠢᠱ᠌ᠢᠶ᠎ᠡ ᠦᠵᠡᠭᠦᠯᠬᠦ ᠴᠡᠭ᠂ ᠲᠤᠷᠰᠢᠯᠭ᠎ᠠ᠎ᠪᠠᠨ ᠬᠤᠪᠢᠶᠠᠯᠴᠠᠬᠤ ᠪᠠ ᠶᠠᠷᠢᠯᠴᠠᠨ ᠰᠤᠳᠤᠯᠵᠤ ᠶᠠᠷᠢᠯᠴᠠᠬᠤ᠎ᠪᠠᠷ ᠳᠠᠮᠵᠢᠭᠤᠯᠤᠨ᠂ 《435》 ᠠᠵᠢᠯ᠎ᠤᠨ ᠠᠷᠭ᠎ᠠ ᠵᠢ ᠳ᠋ᠦᠩᠨᠡᠨ ᠭᠠᠷᠭ᠋ᠠᠪᠠ᠂ ᠲᠤᠬᠠᠢ᠌ᠯᠠᠪᠠᠯ 《ᠳᠥᠷᠪᠡᠨ ᠨᠢᠭᠡ ᠪᠦᠯᠦᠭ》᠎ᠤᠨ ᠦᠢ᠍ᠯᠡᠴᠢᠯᠡᠭᠡᠨ᠎ᠤ  ᠲᠤᠤᠷᠵᠢᠯ᠎ᠢ ᠰᠢᠯᠢᠳᠡᠭᠵᠢᠭᠦᠯᠬᠦ᠂ 《ᠭᠤᠷᠪᠠᠨ ᠲᠠᠯ᠎ᠠ ᠵᠢ ᠵᠣᠬᠢᠴᠠᠭᠤᠯᠬᠤ》 ᠦᠢ᠍ᠯᠡᠴᠢᠯᠡᠭᠡᠨ᠎ᠤ ᠵᠠᠭᠪᠤᠷ᠎ᠢ ᠰᠢᠨᠡᠴᠢᠯᠡᠬᠦ᠂ 《ᠲᠠᠪᠤᠨ ᠲᠠᠯ᠎ᠠ᠎ᠪᠠᠷ ᠬᠣᠯᠪᠤᠭ᠋ᠠᠯᠠᠨ ᠬᠥᠳᠡᠯᠦᠯᠴᠡᠬᠦ》 ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ᠂ ᠬᠥᠳᠡᠭᠡ ᠲᠣᠰᠬᠣᠨ᠎ᠤ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠰᠢᠨ᠎ᠡ ᠠᠷᠭ᠎ᠠ ᠵᠠᠮ᠎ᠢ ᠰᠦᠪᠡᠭᠴᠢᠯᠡᠯ᠎ᠡ᠃
   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠣᠲᠠ᠂ ᠬᠤᠰᠢᠭᠤ ᠰᠢᠶᠠᠨ᠂  ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠳᠥᠷᠪᠡᠨ ᠱᠠᠲᠤᠨ᠎ᠤ ᠬᠣᠯᠪᠤᠭ᠋ᠠᠯᠠᠨ ᠬᠥᠳᠡᠯᠦᠯᠴᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠪᠠ᠃ ᠲᠠᠪᠴᠠᠩ᠎ᠨᠢ ᠲᠥᠷᠥ ᠵᠢᠨ ᠪᠣᠳᠣᠯᠭ᠎ᠠ ᠵᠢ ᠯᠠᠪᠯᠠᠬᠤ᠂ ᠨᠠᠷᠢᠯᠢᠭ ᠣᠨᠣᠴᠠᠲᠠᠢ᠎ᠪᠠᠷ ᠦᠢ᠍ᠯᠡᠴᠢᠯᠡᠭᠡ ᠬᠠᠩᠭ᠋ᠠᠬᠤ ᠪᠠ ᠶᠡᠷᠦᠩᠬᠡᠢ᠌ᠯᠡᠨ ᠬᠢᠨᠠᠨ ᠬᠠᠮᠢᠶᠠᠷᠬᠤ ᠴᠢᠳᠠᠮᠵᠢ᠎ᠲᠠᠢ᠄ ᠨᠠᠰᠤᠲᠠᠢ᠌ᠴᠤᠳ ᠦᠢ᠍ᠯᠡᠴᠢᠯᠡᠭᠡᠨ᠎ᠤ ᠡᠬᠢ ᠪᠠᠶᠠᠯᠢᠭ᠎ᠢ ᠯᠠᠪᠯᠠᠵᠤ ᠪᠣᠯᠣᠨ᠎ᠠ᠂ ᠠᠵᠤ ᠠᠬᠤᠢ᠌ᠯᠠᠯ᠎ᠨᠢ ᠬᠡᠷᠡᠭᠴᠡᠭᠡ ᠱᠠᠭ᠋ᠠᠷᠳᠠᠯᠭ᠎ᠠ ᠵᠢ ᠵᠠᠳᠠᠯᠤᠨ ᠦᠢ᠍ᠯᠡᠴᠢᠯᠡᠭᠡ ᠬᠠᠩᠭ᠋ᠠᠵᠤ ᠪᠣᠯᠣᠨ᠎ᠠ᠂ ᠵᠠᠰᠠᠭ᠎ᠤᠨ ᠣᠷᠳᠣᠨ᠎ᠨᠢ ᠴᠠᠭ ᠲᠤᠬᠠᠢ᠎ᠳᠤ᠎ᠨᠢ ᠬᠢᠨᠠᠨ ᠬᠠᠮᠢᠶᠠᠷᠬᠤ ᠪᠠᠢ᠌ᠭᠤᠯᠤᠮᠵᠢ ᠵᠢᠨ ᠠᠵᠢᠯᠯᠠᠭ᠋ᠠᠨ᠎ᠢ ᠬᠢᠨᠠᠨ ᠬᠠᠮᠢᠶᠠᠷᠴᠤ ᠪᠣᠯᠣᠨ᠎ᠠ᠃ ᠣᠳᠣᠬᠠᠨ᠎ᠳᠤ ᠨᠢᠭᠡᠨᠲᠡ 158 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠵᠣᠬᠢᠶᠠᠨ ᠪᠠᠢ᠌ᠭᠤᠯᠤᠯᠲᠠ ᠵᠢ ᠡᠮᠬᠢᠯᠡᠨ 48.9 ᠲᠦᠮᠡᠨ ᠨᠠᠰᠤᠲᠠᠢ᠌ᠴᠤᠳ᠎ᠲᠤ ᠲᠠᠩᠰᠠ ᠡᠪᠬᠡᠮᠡᠯ ᠪᠠᠢ᠌ᠭᠤᠯᠤᠨ᠂ ᠬᠥᠳᠡᠭᠡ ᠲᠣᠰᠬᠣᠨ᠎ᠤ ᠨᠠᠰᠤᠲᠠᠢ᠌ᠴᠤᠳ᠎ᠲᠤ ᠨᠡᠶ᠋ᠢᠲᠡ 1.1 ᠲᠦᠮᠡᠨ ᠤᠳᠠᠭ᠎ᠠ ᠦᠢ᠍ᠯᠡᠴᠢᠯᠡᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠣᠭ᠋ᠠᠴᠢᠯᠠᠬᠤ᠂ ᠨᠠᠷᠢᠯᠢᠭ ᠣᠨᠣᠴᠠᠲᠠᠢ ᠪᠤᠯᠭ᠋ᠠᠯ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


      ᠱᠠᠨᠰᠢ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠪᠥᠬᠥ ᠮᠤᠵᠢ ᠵᠢᠨ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ ᠠᠵᠢᠯ᠎ᠤᠨ ᠬᠠᠷᠠᠯᠲᠠ᠂  ᠦᠨᠡᠯᠡᠬᠦᠯᠦᠭᠰᠡᠳ᠂  ᠦᠨᠡᠯᠡᠬᠦ ᠪᠠᠢ᠌ᠭᠤᠯᠤᠮᠵᠢ ᠪᠠ ᠦᠨᠡᠯᠡᠬᠦ ᠠᠵᠢᠯᠲᠠᠨ᠂ ᠠᠵᠢᠯ᠎ᠤᠨ ᠠᠯᠬᠤᠮ ᠳᠠᠷᠠᠭ᠎ᠠ᠂ ᠠᠵᠢᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠰᠢᠰᠲ᠋ᠧᠮ᠎ᠲᠠᠢ  ᠪᠠᠢ᠌ᠷᠢᠯᠠᠭᠤᠯᠤᠬᠰᠠᠨ ᠪᠦᠬᠡᠳ ᠱᠠᠳᠤᠴᠢ ᠬᠠᠷᠠᠯᠲᠠ ᠵᠢ ᠲᠣᠳᠣᠷᠬᠠᠢ ᠲᠣᠭᠲᠠᠭ᠋ᠠᠵᠤ᠂ 2025 ᠣᠨ᠎ᠳᠤ 《ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠵᠢᠷᠤᠮᠵᠢᠯ》 ᠶᠣᠰᠣᠭ᠋ᠠᠷ ᠪᠥᠬᠥ ᠮᠤᠵᠢ ᠵᠢᠨ ᠣᠷᠣᠯᠭ᠎ᠠ  ᠪᠠᠭ᠎ᠠ ᠢᠳᠡᠷ ᠪᠠ ᠨᠠᠰᠤᠲᠠᠢ᠌ᠴᠤᠳ᠎ᠢ ᠪᠥᠬᠥ ᠲᠠᠯ᠎ᠠ ᠦᠨᠡᠯᠡᠬᠡᠳ ᠮᠤᠵᠢ ᠵᠢᠨ ᠱᠠᠲᠤᠨ᠎ᠠᠴᠠ ᠦᠨᠡᠯᠡᠬᠦ ᠠᠵᠢᠯ᠎ᠳᠤ ᠵᠠᠷᠤᠳᠠᠯ᠎ᠤᠨ ᠨᠥᠬᠥᠪᠦᠷᠢ ᠥᠭᠴᠦ᠂ 《ᠱᠠᠨᠰᠢ ᠮᠤᠵᠢ ᠵᠢᠨ ᠣᠶᠤᠨᠲᠤ ᠠᠷᠠᠳ᠎ᠤᠨ ᠶᠠᠪᠤᠳᠠᠯ᠎ᠤᠨ ᠨᠢᠭᠡ ᠴᠣᠭᠴᠠᠵᠢᠭᠤᠯᠬᠤ ᠲᠠᠪᠴᠠᠩ》᠎ᠳᠤ ᠲᠦᠰᠢᠭᠯᠡᠨ ᠪᠥᠬᠥ ᠮᠤᠵᠢ ᠵᠢᠨ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠭᠰᠡᠨ ᠲᠣᠭ᠎ᠠ ᠪᠠᠷᠢᠮᠲᠠ ᠵᠢᠨ ᠬᠥᠮᠥᠷᠭᠡ ᠵᠢ ᠲᠡᠬᠦᠯᠳᠡᠷᠵᠢᠬᠦᠯᠬᠦ ᠪᠤᠯᠤᠨ᠎ᠠ᠃



    

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠵᠢᠨ ᠲᠣᠭᠣᠷᠢᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.13
 
            