ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.16
ᠨᠡᠶᠢᠲᠡᠯᠡᠭᠰᠡᠨ ᠴᠠᠭ᠄ 2025-06-16

ᠴᠢᠬᠤᠯᠠ ᠮᠡᠳᠡᠭᠡ


    ᠠᠷᠠᠳ᠎ᠤᠨ ᠶᠠᠪᠤᠳᠠᠯ᠎ᠤᠨ ᠶᠠᠮᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠤᠷᠴᠢᠮ᠎ᠳᠤ ᠰᠤᠷᠤᠯᠴᠠᠬᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ  ᠪᠠ ᠬᠡᠷᠡᠭᠵᠢᠭᠦᠯᠬᠦ ᠨᠠᠷᠢᠨ ᠳᠦᠷᠢᠮ ᠵᠡᠷᠭᠡ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠳᠠᠬᠢ ᠲᠣᠭᠲᠠᠭ᠋ᠠᠯ᠎ᠠᠴᠠ ᠵᠥᠷᠢᠴᠡᠨ ᠢᠳᠡᠵᠦ ᠦᠦᠭᠤᠬᠤ ᠵᠢ ᠴᠠᠭ᠋ᠠᠵᠠᠯᠠᠬᠤ ᠲᠤᠬᠠᠢ ᠲᠣᠭᠲᠠᠭ᠋ᠠᠯ ᠱᠠᠭ᠋ᠠᠷᠳᠠᠯᠭ᠎ᠠ ᠵᠢ ᠲᠤᠰᠬᠠᠢ ᠰᠡᠳᠦᠪ ᠵᠶ᠋ᠡᠷ ᠰᠤᠷᠤᠯᠴᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠦᠦᠭᠤᠬᠤ ᠵᠢ ᠴᠢᠩᠭ᠎ᠠ ᠴᠡᠭᠴᠡᠯᠡᠬᠦ ᠲᠤᠬᠠᠢ ᠰᠤᠳᠤᠯᠤᠨ ᠶᠠᠷᠢᠯᠴᠠᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ  ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠠᠵᠢᠯ᠎ᠢ ᠠᠬᠢᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ ᠡᠷᠭᠢᠯᠡᠪᠡ᠃


ᠠᠷᠠᠳ᠎ᠤᠨ ᠶᠠᠪᠤᠳᠠᠯ᠎ᠤᠨ ᠶᠠᠮᠤᠨ


    ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠤᠨ᠎ᠬᠢᠨ ᠤᠷᠴᠢᠮ ᠳ᠋ᠹ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 2025 ᠣᠨ᠎ᠤ ᠨᠠᠰᠤᠲᠠᠢ᠌ᠴᠤᠳ᠎ᠲᠤ ᠲᠣᠬᠢᠷᠠᠬᠤ ᠵᠡᠮᠳᠡᠭᠴᠦᠳ᠎ᠢ ᠲᠤᠰᠠᠯᠠᠬᠤ ᠲᠣᠭ᠋ᠠᠴᠢᠯᠠᠭᠰᠠᠨ ᠦᠢ᠍ᠯᠡᠳᠬᠦᠨ ᠪᠠ ᠦᠢ᠍ᠯᠡᠴᠢᠯᠡᠭᠡᠨ᠎ᠤ ᠨᠡᠢ᠌ᠲᠡᠯᠢᠭ ᠵᠢᠱ᠌ᠢᠶ᠎ᠡ ᠵᠢ ᠲᠠᠨᠢᠯᠴᠠᠭᠤᠯᠬᠤ ᠠᠵᠢᠯ᠎ᠢ ᠪᠠᠢ᠌ᠷᠢᠯᠠᠭᠤᠯᠤᠨ ᠥᠷᠨᠢᠭᠦᠯᠪᠡ᠃ ᠲᠣᠰ ᠲᠠᠨᠢᠯᠴᠠᠭᠤᠯᠬᠤ ᠠᠵᠢᠯ᠎ᠨᠢ ᠰᠢᠨ᠎ᠡ ᠵᠢ ᠡᠭᠦᠳᠬᠦ ᠮᠡᠷᠭᠡᠵᠢᠯ᠂ ᠢᠨᠲ᠋ᠧᠷ ᠰᠦᠯᠵᠢᠶᠡᠨ᠎ᠤ ᠬᠡᠷᠡᠭᠯᠡᠭᠡ᠂ ᠬᠠᠲᠠᠭᠤ ᠬᠡᠷᠡᠭᠰᠡᠯ᠎ᠤᠨ ᠦᠢ᠍ᠯᠡᠳᠬᠦᠨ᠂ ᠣᠶᠤᠨᠴᠢ ᠦᠢ᠍ᠯᠡᠴᠢᠯᠡᠭᠡ ᠵᠡᠷᠭᠡ ᠳᠥᠷᠪᠡᠨ ᠲᠥᠷᠥᠯ᠎ᠤᠨ ᠲᠣᠭᠣᠷᠢᠨ᠎ᠳᠤ ᠮᠡᠷᠭᠡᠵᠢᠯ ᠰᠠᠢ᠌ᠳᠠᠢ᠂ ᠰᠢᠨ᠎ᠡ ᠵᠢ ᠡᠭᠦᠳᠬᠦ ᠴᠢᠳᠠᠪᠤᠷᠢ᠎ᠪᠠᠷ ᠴᠢᠩᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠷ ᠰᠢᠯᠢᠳᠡᠭ᠂ ᠬᠡᠷᠡᠭᠯᠡᠭᠡᠨ᠎ᠤ ᠦᠷ᠎ᠡ ᠪᠦᠲᠦᠮᠵᠢ᠎ᠪᠠᠷ ᠰᠠᠢ᠌ᠨ ᠨᠠᠰᠤᠲᠠᠢ᠌ᠴᠤᠳ᠎ᠲᠤ ᠲᠣᠬᠢᠷᠠᠬᠤ ᠵᠡᠮᠳᠡᠭᠴᠦᠳ᠎ᠢ ᠲᠤᠰᠠᠯᠠᠬᠤ ᠲᠤᠭ᠋ᠠᠴᠢᠯᠠᠬᠰᠠᠨ ᠦᠢ᠍ᠯᠡᠳᠬᠦᠨ ᠪᠠ ᠦᠢ᠍ᠯᠡᠴᠢᠯᠡᠭᠡ ᠵᠢ ᠰᠢᠯᠢᠨ ᠰᠣᠩᠭᠣᠵᠤ᠂ ᠠᠵᠤ ᠠᠬᠤᠢ᠌ᠯᠠᠯ᠎ᠤᠨ ᠎ᠬᠢᠨ᠎ᠤ ᠨᠠᠰᠤᠲᠠᠢ᠌ᠴᠤᠳ᠎ᠲᠤ ᠲᠣᠬᠢᠷᠠᠬᠤ ᠵᠡᠮᠳᠡᠭᠴᠦᠳ᠎ᠢ ᠲᠤᠰᠠᠯᠠᠬᠤ ᠰᠢᠨ᠎ᠡ ᠲᠤᠬᠠᠢ᠌ᠯᠠᠭᠰᠠᠨ ᠠᠵᠢᠯ᠂ ᠰᠢᠨ᠎ᠡ ᠬᠡᠪ ᠵᠠᠭᠪᠤᠷ᠂ ᠰᠢᠨ᠎ᠡ ᠠᠬᠤᠢ ᠪᠠᠢ᠌ᠳᠠᠯ᠎ᠢ ᠥᠷᠭᠡᠳᠬᠡᠬᠦ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠵᠦ᠂ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ  ᠲᠦᠪᠰᠢᠨ᠎ᠢ ᠳᠡᠭᠡᠭᠰᠢᠯᠡᠭᠦᠯᠦᠨ᠂ ᠪᠤᠭᠤᠷᠤᠯᠴᠤᠳ᠎ᠤᠨ ᠠᠵᠤ ᠠᠬᠤᠢ ᠵᠢᠨ ᠴᠢᠨᠠᠷᠯᠢᠭ ᠬᠥᠭᠵᠢᠯᠲᠡ᠎ᠳᠤ ᠬᠦᠴᠤᠨ ᠨᠡᠮᠡᠷᠢᠯᠡᠪᠡ᠃


ᠨᠡᠢ᠌ᠭᠡᠮ᠎ᠤᠨ ᠲᠤᠰᠠᠯᠠᠮᠵᠢ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠨᠡᠢ᠌ᠭᠡᠮ᠎ᠤᠨ ᠲᠤᠰᠠᠯᠠᠮᠵᠢ ᠵᠢᠨ ᠲᠥᠷᠥᠯ ᠲᠡᠮᠳᠡᠭ᠎ᠢ ᠪᠤᠶ ᠪᠣᠯᠭ᠋ᠠᠵᠤ᠂ 《ᠪᠤᠭᠤᠳᠤ ᠵᠢᠨ᠎ᠬᠢᠨ ᠵᠠᠮᠵᠢᠨ ᠬᠠᠯᠠᠮᠵᠢᠯᠠᠬᠤ》  ᠨᠡᠢ᠌ᠭᠡᠮ᠎ᠤᠨ  ᠲᠤᠰᠠᠯᠠᠮᠵᠢ ᠵᠢᠨ  ᠲᠥᠷᠥᠯ ᠲᠡᠮᠳᠡᠭ᠎ᠢ ᠪᠤᠶ ᠪᠣᠯᠭ᠋ᠠᠵᠤ᠂ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ ᠲᠠᠪᠴᠠᠩ᠎ᠳᠤ ᠲᠦᠰᠢᠭᠯᠡᠨ᠂ 《ᠲᠣᠮᠣ ᠳ᠋ᠠᠢ᠌ᠲ᠋ᠠ ᠵᠢᠨ ᠬᠠᠷᠢᠴᠠᠭᠤᠯᠤᠯ + ᠭᠠᠡᠭ ᠲᠦᠷᠤᠬᠡ》 ᠠᠵᠢᠯ᠎ᠤᠨ ᠲᠣᠭᠲᠠᠴᠠ ᠵᠢ ᠪᠠᠢ᠌ᠭᠤᠯᠵᠤ᠂ ᠬᠣᠲᠠ ᠰᠢᠶᠠᠨ ᠬᠥᠳᠡᠭᠡ ᠲᠣᠰᠬᠣᠨ᠎ᠤ ᠳᠥᠷᠪᠡᠨ ᠱᠠᠲᠤᠨ᠎ᠤ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠦᠨ᠂ 《ᠪᠣᠳᠠᠰ + ᠦᠢ᠍ᠯᠡᠴᠢᠯᠡᠭᠡ》 ᠶᠡᠷᠦᠩᠬᠡᠢ᠌ᠯᠡᠭᠰᠡᠨ  ᠲᠤᠰᠠᠯᠠᠮᠵᠢ ᠵᠢᠨ ᠲᠠᠰ ᠲᠥᠷᠥᠯ ᠬᠤᠪᠢᠶᠠᠨ ᠬᠡᠷᠡᠭᠵᠢᠭᠦᠯᠵᠦ᠂ ᠲᠤᠰᠠᠯᠠᠮᠵᠢ ᠵᠢᠨ ᠵᠠᠭᠪᠤᠷ᠎ᠢ ᠰᠠᠨᠠᠭ᠋ᠠᠴᠢᠯᠠᠭ᠎ᠠ ᠦᠭᠡᠢ ᠪᠠᠢ᠌ᠭᠰᠠᠨ᠎ᠠᠴᠠ ᠰᠠᠨᠠᠭ᠋ᠠᠴᠢᠯᠠᠭ᠎ᠠ᠎ᠲᠠᠢ ᠲᠡᠢ᠌ᠰᠢ᠂  ᠪᠣᠳᠠᠰ ᠵᠶ᠋ᠠᠷ ᠯᠨ ᠲᠤᠰᠠᠯᠠᠵᠤ ᠪᠠᠢ᠌ᠬᠰᠠᠨ᠎ᠠᠴᠠ ᠶᠡᠷᠦᠩᠬᠡᠢ᠌ᠯᠡᠭᠰᠡᠨ ᠲᠤᠰᠠᠯᠠᠮᠵᠢ ᠲᠡᠢ᠌ᠰᠢ ᠬᠤᠪᠢᠷᠠᠭᠤᠯᠬᠤ ᠠᠵᠢᠯ᠎ᠢ ᠠᠬᠢᠭᠤᠯᠵᠤ᠂  ᠬᠦᠴᠢᠷᠳᠡᠯᠲᠡᠢ ᠣᠯᠠᠨ ᠲᠦᠮᠡᠨ᠎ᠢ ᠰᠢᠰᠲᠸᠮ᠎ᠲᠠᠢ ᠲᠡᠳᠬᠦᠪᠡ᠃ 5 ᠳ᠋ᠤᠭ᠋ᠠᠷ ᠰᠠᠷ᠎ᠠ ᠪᠣᠯᠲᠠᠯ᠎ᠠ ᠪᠤᠭᠤᠳᠤ ᠬᠣᠲᠠ᠎ᠳᠤ ᠬᠣᠲᠠ ᠬᠥᠳᠡᠭᠡ ᠵᠢᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ ᠪᠠ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠢ 4.2 ᠲᠦᠮᠡ ᠪᠠᠲᠤᠯᠠᠵᠤ᠂ 1.2 ᠳ᠋ᠦᠩᠰᠢᠭᠤᠷ ᠲᠥᠭᠥᠷᠢᠭ᠎ᠤᠨ  ᠲᠤᠰᠠᠯᠠᠮᠵᠢ ᠵᠢᠨ ᠮᠥᠩᠭᠥ ᠲᠠᠷᠬᠠᠭ᠋ᠠᠭᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


    ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠲᠣᠭ᠋ᠠᠴᠢᠯᠠᠭᠰᠠᠨ ᠠᠷᠠᠳ᠎ᠤᠨ ᠶᠠᠪᠤᠳᠠᠯ᠎ᠤᠨ  ᠦᠳᠡᠬᠦᠰ᠎ᠤᠨ ᠨᠦᠬᠦᠪᠤᠷᠢ ᠵᠢᠨ ᠰᠢᠰᠲ᠋ᠧᠮ᠎ᠤᠨ ᠠᠵᠢᠯᠯᠠᠭ᠋ᠠᠨ᠎ᠤ ᠪᠣᠯᠪᠠᠰᠤᠷᠠᠯ ᠡᠷᠬᠢᠯᠡᠵᠤ᠂ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠤᠬᠠᠢ᠌ᠯᠠᠭᠰᠠᠨ ᠠᠵᠢᠯ᠎ᠤᠨ 100 ᠭᠠᠷᠤᠢ ᠨᠢᠷᠤᠭᠤᠪᠴᠢ ᠬᠦᠴᠤᠨ ᠬᠤᠷᠠᠯ᠎ᠳᠤ ᠣᠷᠣᠯᠴᠠᠵᠠᠢ᠃ ᠪᠣᠯᠪᠠᠰᠤᠷᠠᠯ ᠲᠡᠬᠡᠷ᠎ᠡ ᠪᠥᠬᠥ  ᠶᠠᠪᠤᠴᠨ ᠵᠢᠨ ᠦᠵᠡᠭᠦᠯᠦᠯᠭᠡ᠂ ᠰᠦᠯᠵᠢᠶᠡᠨ᠎ᠤ ᠪᠣᠳᠠᠲᠤ ᠦᠢ᠍ᠯᠡᠳᠤᠯᠬᠡ᠂ ᠲᠤᠬᠠᠢ ᠵᠢᠨ ᠲᠠᠯᠠᠪᠤᠷ᠎ᠤᠨ ᠳᠠᠭᠤᠷᠢᠶᠠᠮᠠᠯ᠂ 《ᠨᠢᠭᠡ ᠵᠢ ᠨᠢᠬᠡ᠎ᠪᠠᠷ》 ᠵᠢᠯᠤᠭᠤᠳᠬᠤ ᠵᠡᠷᠭᠡ ᠠᠷᠭ᠎ᠠ᠎ᠪᠠᠷ ᠪᠣᠯᠪᠠᠰᠤᠷᠠᠯ᠎ᠳᠤ ᠣᠷᠣᠯᠴᠠᠭᠰᠠᠳ᠎ᠢ ᠬᠠᠪᠰᠤᠷᠤᠨ ᠣᠯᠠᠨ ᠦᠵᠦᠭᠦᠷ᠎ᠤᠨ ᠬᠠᠮᠵᠢᠯᠴᠠᠨ ᠠᠵᠢᠯᠯᠠᠬᠤ ᠮᠡᠷᠭᠡᠵᠢᠯ ᠴᠢᠳᠠᠪᠤᠷᠢ ᠵᠢ ᠡᠵᠡᠮᠰᠢᠭᠦᠯᠵᠦ᠂  ᠦᠳᠡᠬᠦᠰ ᠪᠤᠭᠤᠷᠤᠯᠴᠤᠳ᠎ᠤᠨ ᠮᠡᠳᠡᠭᠡ ᠵᠠᠩᠭᠢ ᠵᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠬᠥᠳᠡᠯᠦᠩᠭᠦᠢ ᠬᠠᠮᠢᠶᠠᠷᠤᠯᠲᠠ ᠵᠢ ᠰᠠᠢ᠌ᠲᠤᠷ ᠬᠢᠵᠦ᠂ ᠲᠣᠭ᠋ᠠᠴᠢᠯᠠᠭᠰᠠᠨ ᠠᠷᠭ᠎ᠠ ᠪᠠᠷᠢᠯ᠎ᠳᠤ ᠲᠦᠰᠢᠭᠯᠡᠨ  ᠦᠳᠡᠬᠦᠰ᠎ᠤᠨ ᠨᠦᠬᠦᠪᠤᠷᠢ ᠣᠯᠭᠣᠬᠤ᠎ᠳᠤ 《ᠪᠤᠷᠤᠭᠤ ᠣᠯᠭᠣᠬᠤ ᠦᠭᠡᠢ᠂ ᠣᠷᠬᠢᠭᠳᠠᠭᠤᠯᠬᠤ ᠦᠭᠡᠢ》 ᠪᠠᠢ᠌ᠬᠤ ᠵᠢ ᠪᠡᠶᠡᠯᠡᠭᠦᠯᠵᠦ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠳᠤᠯᠠᠯ᠎ᠠ᠃


  ᠬᠡᠦᠬᠡᠳ᠎ᠤᠨ ᠠᠰᠠᠷᠠᠮᠵᠢ


   ᠬᠢᠩᠭ᠋ᠠᠨ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ᠂ ᠲᠤᠰᠬᠠᠢ ᠮᠡᠷᠭᠡᠵᠢᠯ᠎ᠤᠨ ᠬᠦᠴᠦᠨ᠎ᠢ ᠣᠷᠣᠭᠤᠯᠤᠨ ᠠᠪᠴᠢᠷᠠᠵᠤ᠂ ᠪᠡᠭᠡᠵᠢᠩ᠎ᠤᠨ ᠴᠦᠨ ᠬᠣᠶ ᠲᠦᠭᠡᠮᠡᠯ ᠬᠠᠢ᠌ᠷ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠨ  ᠪᠣᠯᠪᠠᠰᠤᠷᠠᠭᠤᠯᠤᠯ᠎ᠤᠨ ᠬᠢᠨᠠᠨ ᠵᠢᠯᠤᠭᠣᠳᠬᠤ ᠴᠢᠨᠠᠷᠵᠢᠭᠤᠨ ᠦᠢ᠍ᠯᠡᠴᠢᠯᠡᠭᠡ ᠵᠢ ᠬᠤᠳᠠᠯᠳᠤᠨ ᠠᠪᠴᠠᠢ᠃ ᠣᠳᠣᠬᠠᠨ᠎ᠳᠤ ᠲᠥᠷᠥᠯ ᠵᠦᠢ᠍ᠯ᠎ᠳᠤ ᠨᠢᠭᠡᠨᠲᠡ ᠬᠣᠶᠠᠷ ᠬᠤᠭᠤᠴᠠᠭ᠋ᠠᠨ᠎ᠤ ᠪᠣᠯᠪᠠᠰᠤᠷᠠᠯ᠎ᠢ ᠲᠠᠭᠤᠰᠬᠠᠵᠤ 《ᠬᠡᠦᠬᠡᠳ ᠵᠶ᠋ᠡᠷ ᠭᠣᠣᠯ ᠪᠣᠯᠭ᠋ᠠᠬᠤ᠂ ᠳᠦᠷᠢᠮ ᠵᠶ᠋ᠡᠷ ᠰᠠᠭᠤᠷᠢ ᠪᠣᠯᠭ᠋ᠠᠬᠤ᠂  ᠦᠨᠡᠯᠡᠯᠳᠡ᠎ᠪᠠᠷ ᠦᠨᠳᠦᠰᠦᠯᠡᠯ ᠪᠣᠯᠭ᠋ᠠᠬᠤ᠂ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠬᠤ》 ᠣᠨᠴᠠᠯᠢᠭ᠎ᠲᠠᠢ ᠠᠵᠢᠯ᠎ᠤᠨ ᠵᠠᠭᠪᠤᠷ᠎ᠢ ᠪᠠᠢ᠌ᠭᠤᠯᠵᠤ᠂ 50 ᠭᠠᠷᠤᠢ ᠠᠵᠢᠯᠲᠠᠨ ᠪᠠ ᠲᠥᠪᠯᠡᠷᠡᠭᠦᠯᠦᠨ ᠠᠰᠠᠷᠠᠨ ᠲᠡᠵᠢᠭᠡᠵᠦ ᠪᠠᠢ᠌ᠭ᠎ᠠ ᠬᠡᠦᠬᠡᠳ᠎ᠲᠤ ᠠᠰᠢᠭ ᠬᠦᠷᠲᠡᠭᠡᠵᠦ᠂ ᠢᠯᠡᠳᠲᠡ ᠦᠷ᠎ᠡ ᠪᠦᠲᠦᠮᠵᠢ ᠣᠯᠪᠠ᠃




   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.8
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.18
 
            