ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
ᠨᠡᠶᠢᠲᠡᠯᠡᠭᠰᠡᠨ ᠴᠠᠭ᠄ 2025-06-10

   ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠰᠤᠳᠤᠯᠬᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ 6 ᠳ᠋ᠤᠭ᠋ᠠᠷ ᠰᠠᠷ᠎ᠠ ᠵᠢᠨ 4᠎ᠠᠴᠠ 6᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠬᠦᠯᠤᠯᠳᠡ ᠵᠢᠨ ᠲᠥᠯᠦᠪᠵᠢᠭᠦᠯᠭᠡ ᠵᠢ ᠰᠡᠳᠤᠪ ᠵᠶ᠋ᠡᠷ ᠰᠤᠳᠤᠯᠤᠨ ᠪᠠᠢ᠌ᠴᠠᠭ᠋ᠠᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠂ ᠰᠢᠭᠤᠳ ᠬᠠᠷᠢᠶ᠎ᠠ ᠨᠢᠬᠡᠴᠢ᠂ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠤᠯᠤᠨ ᠨᠢᠬᠡ ᠪᠦᠯᠦᠭ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠠᠵᠢᠯᠲᠠᠳ ᠶᠠᠷᠢᠯᠴᠠᠬᠤ ᠬᠤᠷᠠᠯ᠎ᠳᠤ ᠣᠷᠣᠯᠴᠠᠪᠠ᠃
   ᠪᠠᠢ᠌ᠴᠠᠭ᠋ᠠᠨ ᠰᠤᠳᠤᠯᠤᠯᠲᠠ᠎ᠳᠤ ᠭᠣᠣᠯᠳᠠᠭᠤ 《ᠴᠡᠭ᠎ᠠᠴᠠ ᠴᠡᠭ᠎ᠲᠤ ᠬᠦᠷᠬᠦ》 ᠶᠠᠷᠢᠯᠴᠠᠬᠤ ᠬᠡᠯᠪᠡᠷᠢ᠎ᠪᠠᠷ ᠲᠤᠰᠬᠠᠢ ᠮᠡᠷᠭᠡᠵᠢᠯᠲᠡᠨ᠎ᠤ ᠳᠤᠭᠤᠢ᠌ᠯᠠᠩ ᠪᠣᠯᠣᠨ ᠲᠤᠬᠠᠢ᠌ᠯᠠᠭᠰᠠᠨ ᠠᠵᠢᠯ᠎ᠤᠨ ᠭᠠᠵᠠᠷ (ᠰᠠᠯᠠᠭ᠎ᠠ) ᠲᠠᠰᠤᠭ᠎ᠤᠨ ᠨᠥᠬᠥᠳ ᠨᠢᠭᠡᠳ ᠨᠢᠭᠡ᠎ᠪᠠᠷ ᠭᠦᠨᠵᠡᠭᠡᠢ ᠰᠣᠯᠢᠯᠴᠠᠪᠠ᠃  《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠬᠢᠯᠠᠰ ᠴᠡᠭᠲᠦ ᠦᠷ᠎ᠡ ᠪᠦᠲᠦᠮᠵᠢ ᠪᠠ ᠪᠣᠭᠣᠮᠢ ᠵᠢᠨ ᠠᠰᠠᠭᠤᠳᠠᠯ᠎ᠢ  ᠬᠠᠮᠳᠤ᠎ᠪᠠᠷ  ᠡᠮᠬᠢᠯᠡᠭᠰᠡᠨ᠎ᠤ ᠬᠠᠮᠳᠤ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠂ ᠠᠷᠪᠠᠨ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠷᠠᠳ᠎ᠤᠨ ᠶᠠᠪᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠪᠠ ᠰᠢ ᠵᠢᠨ ᠫᠢᠩ ᠶᠡᠷᠦᠩᠬᠡᠢ ᠱᠦᠵᠢ ᠵᠢᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ  ᠨᠠᠢ᠌ᠷᠠᠭᠤᠯᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ᠎ᠯᠤᠭ᠎ᠠ ᠤᠶᠠᠯᠳᠤᠭᠤᠯᠤᠨ   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ 《ᠨᠢᠭᠡ ᠭᠣᠣᠯ ᠱᠤᠭᠤᠮ》᠂ 《ᠬᠣᠶᠠᠷ ᠶᠡᠬᠡ ᠶᠠᠪᠤᠳᠠᠯ》᠂ 《ᠲᠠᠪᠤᠨ ᠶᠡᠬᠡ ᠡᠭᠦᠷᠭᠡ》᠂ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠢ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠪᠠᠢ᠌ᠷᠢᠯᠠᠭᠤᠯᠤᠯᠲᠠ᠎ᠲᠠᠢ ᠤᠶᠠᠯᠳᠤᠭᠤᠯᠤᠨ᠂ 《ᠪᠦᠬᠦ ᠤᠯᠤᠰ᠎ᠤᠨ ᠬᠡᠪᠴᠢᠶᠡᠨ᠎ᠠᠴᠠ ᠥᠪᠥᠷ ᠮᠣᠩᠭᠣᠯ᠎ᠢ ᠬᠠᠷᠠᠨ᠎ᠠ》᠂ 《ᠥᠪᠥᠷ ᠮᠣᠩᠭᠣᠯ᠎ᠤᠨ ᠬᠡᠪᠴᠢᠶᠡᠨ᠎ᠳᠤ᠎ᠠᠴᠠ ᠪᠦᠬᠦ ᠤᠯᠤᠰ᠎ᠢ ᠬᠠᠷᠠᠨ᠎ᠠ》᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠂ ᠬᠠᠨᠳᠤᠰᠢ ᠵᠢᠨ ᠴᠢᠨᠠᠷᠲᠠᠢ ᠬᠤᠪᠢᠷᠠᠯᠲᠠ᠂ ᠬᠠᠷᠢᠴᠠᠭᠤᠯᠤᠭᠰᠠᠨ ᠳᠠᠪᠠᠭᠤᠯᠢᠭ ᠪᠠ ᠳᠤᠲᠠᠭᠤᠳᠠᠯ ᠪᠠᠭᠤᠷᠠᠢ ᠲᠠᠯ᠎ᠠ ᠵᠢ ᠭᠦᠨᠵᠡᠭᠡᠢ ᠵᠠᠳᠠᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》 ᠎ᠤᠨ ᠬᠤᠭᠤᠴᠠᠭ᠋ᠠᠨ᠎ᠳᠠᠬᠢ ᠬᠦᠭᠵᠢᠬᠦᠯᠤᠯᠳᠡ ᠵᠢᠨ ᠰᠡᠳᠬᠢᠴᠡ᠂ ᠪᠠᠢ᠌ᠷᠢ ᠲᠣᠭᠲᠠᠭ᠋ᠠᠯᠲᠠ᠂ ᠬᠠᠷᠠᠯᠲᠠ᠂ ᠠᠷᠭ᠎ᠠ  ᠵᠢ  ᠬᠠᠮᠳᠤ᠎ᠪᠠᠷ ᠰᠦᠪᠡᠭᠴᠢᠯᠡᠵᠦ᠂ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠬᠤ᠎ᠳᠤ ᠠᠡᠭᠬᠠᠨ᠎ᠤ ᠪᠠᠶᠠᠯᠢᠭ ᠪᠣᠷᠣ ᠮᠠᠲ᠋ᠧᠷᠢᠶᠠᠯ ᠬᠠᠩᠭ᠋ᠠᠵᠠᠢ᠃
  ᠪᠠᠢ᠌ᠴᠠᠭ᠋ᠠᠨ ᠰᠤᠳᠤᠯᠤᠯᠲᠠ ᠵᠢᠨ ᠬᠤᠭᠤᠴᠠᠭ᠋ᠠᠨ᠎ᠳᠤ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠪᠠᠰᠠ ᠬᠡᠰᠡᠭ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠤᠷᠪᠤᠯᠵᠢᠯᠠᠵᠤ᠂ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠦᠭᠵᠢᠬᠦᠯᠤᠯᠳᠡ᠂ ᠨᠠᠰᠤᠵᠢᠯ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ᠂ ᠭᠡᠷ᠎ᠲᠤ ᠪᠡᠨᠨ ᠰᠠᠭᠤᠵᠤ ᠠᠰᠠᠷᠠᠭᠤᠯᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠪᠥᠬᠥ ᠤᠯᠤᠰ᠎ᠤᠨ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ ᠪᠠ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠦᠢ᠍ᠯᠡᠳᠦᠯ᠎ᠢ ᠪᠠᠳᠠᠷᠠᠭᠤᠯᠤᠭᠰᠠᠨ ᠵᠡᠷᠭᠡ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ ᠎ᠪᠠᠷ ᠡᠭᠦᠳᠡ᠎ᠪᠠᠨ ᠨᠡᠭᠡᠭᠡᠵᠦ ᠠᠷᠭ᠎ᠠ ᠪᠣᠳᠣᠯᠭ᠎ᠠ ᠠᠰᠠᠭᠤᠬᠤ ᠵᠢ ᠪᠠᠷᠢᠮᠲᠠᠯᠠᠨ᠂ ᠣᠯᠠᠨ᠎ᠤ ᠰᠠᠨᠠᠯ᠎ᠢ ᠠᠪᠴᠤ ᠣᠯᠠᠨ᠎ᠤ ᠤᠬᠠᠭ᠋ᠠᠨ᠎ᠢ ᠲᠥᠪᠯᠡᠷᠡᠭᠦᠯᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠪᠥᠬᠥ ᠲᠠᠯ᠎ᠠ᠎ᠪᠠᠷ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ᠂ ᠪᠠᠷᠠᠭ᠋ᠠᠯᠬᠢᠯᠠᠯ᠎ᠤᠨ ᠴᠢᠨᠠᠷᠲᠠᠢ ᠰᠤᠳᠤᠯᠤᠨ ᠪᠣᠳᠣᠯᠬᠢᠯᠠᠬᠤ ᠵᠢ ᠤᠯᠠᠮ ᠴᠢᠩᠭ᠋ᠠᠳᠬᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠦᠭᠵᠢᠬᠦᠯᠤᠯᠳᠡ ᠵᠢᠨ ᠭᠦᠢ᠍ᠴᠡᠳᠬᠡᠯ ᠲᠣᠭ᠎ᠠ ᠵᠢ ᠬᠢᠨᠠᠮᠠᠭ᠋ᠠᠢ ᠰᠤᠳᠤᠯᠵᠤ᠂ 《ᠭᠤᠷᠪᠠᠨ ᠴᠢᠬᠤᠯᠠ ᠶᠡᠬᠡ》 ᠵᠢ ᠲᠥᠯᠥᠪᠵᠢᠭᠦᠯᠵᠦ᠂ ᠥᠨᠳᠥᠷ ᠲᠦᠪᠰᠢᠨ᠎ᠲᠠᠢ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ᠎ᠪᠠᠷ ᠥᠪᠥᠷ ᠮᠣᠩᠭᠣᠯ᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠳᠠᠭ᠋ᠠᠭᠤᠯᠬᠤ ᠪᠤᠯᠤᠨ᠎ᠠ᠃


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ᠎ᠬᠢᠨ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠬᠦ ᠵᠢᠨ ᠲᠣᠭᠣᠷᠢᠨ᠎ᠳᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
 
            