ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.13
ᠨᠡᠶᠢᠲᠡᠯᠡᠭᠰᠡᠨ ᠴᠠᠭ᠄ 2025-06-16

ᠴᠢᠬᠤᠯᠠ ᠮᠡᠳᠡᠭᠡ


    ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ ᠤᠷᠴᠢᠮ᠎ᠳᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠠᠷᠠᠳ᠎ᠤᠨ ᠠᠮᠢᠳᠤᠷᠠᠯ᠎ᠢ ᠤᠯᠠᠮ ᠪᠠᠲᠤᠯᠠᠨ ᠰᠠᠢ᠌ᠵᠢᠷᠠᠭᠤᠯᠬᠤ ᠲᠤᠬᠠᠢ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠬᠠᠮᠢᠶ᠎ᠠ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠳᠣᠮᠳᠠᠳᠪ᠊ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ᠎ᠬᠢ ᠤᠷᠴᠢᠮ᠎ᠳᠤ 《ᠠᠷᠠᠳ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠲᠤᠯᠠᠨ ᠰᠠᠢ᠌ᠵᠢᠷᠠᠭᠤᠯᠵᠤ᠂ ᠣᠯᠠᠨ ᠲᠦᠮᠡᠨ᠎ᠤ ᠬᠦᠴᠢᠷ ᠵᠣᠪᠠᠭᠤᠷᠢ ᠵᠢ ᠬᠦᠴᠦᠯᠡᠨ ᠰᠢᠢ᠍ᠳᠪᠦᠷᠢᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ᠂ ᠣᠷᠣᠯᠭ᠎ᠠ ᠪᠠᠭ᠎ᠠ ᠬᠦᠮᠦᠰ᠎ᠢ ᠲᠡᠳᠬᠦᠬᠦ ᠠᠵᠢᠯ᠎ᠢ ᠴᠢᠡᠭᠭ᠋ᠠᠳᠬᠠᠬᠤ ᠬᠡᠷᠡᠭᠳᠡᠢ᠂   ᠠᠷᠠᠳ᠎ᠤᠨ ᠶᠠᠪᠤᠳᠠᠯ᠎ᠤᠨ ᠶᠠᠮᠤᠨ᠎ᠤ ᠨᠡᠢ᠌ᠭᠡᠮ᠎ᠤᠨ ᠲᠤᠰᠠᠯᠠᠮᠵᠢ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠵᠠᠩ ᠸᠧᠢ ᠳᠠᠷᠠᠭ᠋ᠠᠴᠢ ᠵᠢᠨ ᠠᠵᠢᠯ᠎ᠤᠨ ᠲᠠᠯ᠎ᠠ᠎ᠪᠠᠷ ᠰᠤᠷᠪᠤᠯᠵᠢᠯᠠᠭᠴᠢ ᠵᠢᠨ ᠠᠰᠠᠭᠤᠯᠲᠠ ᠵᠢ ᠭᠣᠣᠯᠳᠠᠯᠭ᠎ᠠ ᠎ᠲᠠᠢ᠎ᠪᠠᠷ ᠬᠠᠷᠢᠭᠤᠯᠤᠨ᠎ᠠ ᠭᠡᠵᠦ ᠳᠤᠷᠠᠳᠴᠠᠢ᠃
 
ᠨᠡᠢ᠌ᠭᠡᠮ᠎ᠤᠨ ᠶᠠᠪᠤᠳᠠᠯ


    ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠤᠶᠤᠨ᠎ᠤ ᠰᠠᠭ᠋ᠠᠳ᠎ᠨᠢ ᠡᠷᠡᠬᠦᠯᠵᠢᠭᠰᠡᠳ᠎ᠢ ᠨᠡᠢ᠌ᠬᠡᠮ᠎ᠳᠤ ᠠᠭᠤᠰᠤᠯᠴᠠᠭᠤᠯᠬᠤ ᠠᠵᠢᠯᠯᠠᠭ᠎ᠠ (精康融合行动)》 ᠵᠢ ᠯᠠᠪᠳᠠᠭᠤᠨ ᠵᠶ᠋ᠠᠷ ᠠᠬᠢᠭᠤᠯᠵᠤ᠂ ᠰᠢᠰᠲ᠋ᠧᠮ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠡᠬᠢ ᠪᠠᠶᠠᠯᠢᠭ᠎ᠢ ᠡᠮᠬᠢᠯᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠦᠢ᠍ᠯᠡᠴᠢᠯᠡᠭᠡ᠎ᠪᠠᠷ ᠳᠠᠮᠵᠢᠭᠤᠯᠤᠨ᠂ ᠣᠶᠤᠨ᠎ᠤ ᠰᠠᠭ᠋ᠠᠳ᠎ᠲᠠᠢ ᠡᠪᠡᠳᠴᠢᠲᠡᠨ᠎ᠤ ᠨᠡᠢ᠌ᠭᠡᠮ᠎ᠳᠤ ᠠᠭᠤᠰᠤᠯᠴᠠᠬᠤ ᠵᠢ ᠳᠡᠮᠵᠢᠵᠦ᠂ ᠭᠡᠷ ᠪᠦᠯᠢ ᠪᠠ ᠨᠡᠢ᠌ᠭᠡᠮ᠎ᠤᠨ ᠳᠠᠷᠤᠭ᠋ᠠᠰᠤ ᠵᠢ ᠬᠥᠩᠭᠡᠷᠡᠭᠦᠯᠵᠦ᠂ ᠨᠡᠢ᠌ᠭᠡᠮ᠎ᠤᠨ ᠵᠥᠷᠢᠴᠡᠯ᠎ᠤᠨ ᠲᠦᠭᠰᠢᠭᠦᠷᠢ ᠵᠢ ᠪᠠᠭ᠋ᠠᠰᠬᠠᠪᠠ᠃ ᠦᠨᠤ ᠵᠢᠯ ᠤᠷᠳᠤᠰ ᠬᠣᠲᠠ ᠵᠢᠨ 8 ᠬᠣᠰᠢᠭᠤ ᠲᠣᠭᠣᠷᠢᠭ᠎ᠤᠨ ᠳᠠᠩᠰᠠᠯᠠᠭᠤᠯᠤᠭᠰᠠᠨ ᠡᠷᠡᠭᠦᠯᠵᠢᠭᠦᠯᠬᠦ ᠦᠢ᠍ᠯᠡᠴᠢᠯᠡᠭᠡᠨ᠎ᠢ ᠬᠦᠷᠳᠡᠬᠦ ᠶᠤᠰᠤᠳᠠᠢ ᠬᠦᠮᠦᠰ 1324᠂ 1160 ᠬᠥᠮᠥᠨ ᠦᠢ᠍ᠯᠡᠴᠢᠯᠡᠭᠡ ᠬᠦᠯᠢᠶᠡᠵᠦ᠂ ᠵᠢᠷᠤᠮᠵᠢᠭᠰᠠᠨ ᠦᠢ᠍ᠯᠡᠴᠢᠯᠡᠭᠡᠨ᠎ᠤ ᠨᠣᠷᠮ᠎ᠠ 88%᠎ᠳᠤ ᠬᠦᠷᠴᠦ᠂ ᠲᠤᠰᠬᠠᠢ᠌ᠵᠢᠭᠰᠠᠨ ᠦᠢ᠍ᠯᠡᠴᠢᠯᠡᠭᠡ᠎ᠪᠠᠷ ᠳᠠᠮᠵᠢᠭᠤᠯᠤᠨ ᠡᠪᠡᠳᠴᠢᠲᠡᠨ᠎ᠤ ᠨᠡᠢ᠌ᠭᠡᠮ᠎ᠳᠤ ᠵᠣᠬᠢᠴᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠢ᠎ᠪᠠᠷ ᠨᠠᠢ᠌ᠳᠠᠪᠤᠷᠢᠵᠢᠭᠤᠯᠬᠤ ᠵᠢ ᠠᠬᠢᠭᠤᠯᠪᠠ᠃


ᠨᠠᠰᠤᠵᠢᠯ᠎ᠤᠨ ᠦᠢ᠍ᠯᠡᠴᠢᠯᠡᠭᠡ


  ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠬᠤᠩᠱ᠌ᠠᠨ ᠲᠣᠭᠣᠷᠢᠭ᠎ᠲᠤ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠲᠡᠷᠭᠡ ᠵᠢᠨ ᠲᠥᠷᠥᠯ ᠵᠦᠢ᠍ᠯ᠎ᠢ ᠬᠡᠷᠡᠭᠵᠢᠭᠦᠯᠵᠦ᠂ 《ᠲᠥᠪ ᠲᠣᠭᠣᠭ᠋ᠠᠨ ᠭᠡᠷ + ᠬᠣᠭᠣᠯᠠ ᠲᠣᠬᠢᠷᠠᠭᠤᠯᠬᠤ + ᠬᠣᠭᠣᠯᠠ ᠬᠦᠷᠭᠡᠬᠦ》 ᠡᠵᠡᠩᠨᠡᠯᠲᠡ ᠵᠢᠨ ᠵᠠᠭᠪᠤᠷ᠎ᠢ ᠬᠡᠷᠡᠭᠯᠡᠨ᠂ 《ᠳᠥᠷᠪᠡ ᠵᠢ ᠲᠣᠭᠲᠠᠭ᠋ᠠᠬᠤ᠂ ᠳᠥᠷᠪᠡ ᠵᠢ ᠨᠢᠭᠡᠳᠬᠡᠬᠦ》 ᠪᠠᠷᠢᠮᠵᠢᠶ᠎ᠠ (ᠲᠤᠬᠠᠢ᠌ᠯᠠᠪᠠᠯ ᠭᠣᠣᠯ ᠴᠣᠭᠴᠠ᠂ ᠭᠠᠵᠠᠷ ᠣᠷᠣᠨ᠂ ᠴᠠᠭ ᠬᠤᠭᠤᠴᠠᠭ᠎ᠠ᠂ ᠡᠵᠡᠩᠨᠡᠯᠲᠡ ᠵᠢᠨ ᠬᠡᠪᠴᠢᠶ᠎ᠡ ᠵᠢ ᠲᠣᠭᠲᠠᠭ᠋ᠠᠵᠤ᠂ ᠨᠢᠭᠡᠳᠦᠯᠲᠡᠢ ᠲᠣᠬᠢᠷᠠᠭᠤᠯᠤᠨ ᠬᠦᠷᠭᠡᠬᠦ᠂ ᠳᠦᠷᠢ ᠲᠥᠷᠬᠦ᠂ ᠬᠠᠮᠢᠶᠠᠷᠤᠯᠲᠠ᠂ ᠢᠯᠭ᠋ᠠᠬᠤ ᠲᠡᠮᠳᠡᠭ) ᠶᠣᠰᠣᠭ᠋ᠠᠷ᠂ ᠰᠢᠰᠲ᠋ᠧᠮᠵᠢᠭᠦᠯᠦᠨ ᠬᠣᠭᠣᠯᠠ ᠵᠠᠬᠢᠶᠠᠯᠠᠬᠤ᠂ ᠬᠣᠭᠣᠯᠠ ᠲᠣᠬᠢᠷᠠᠭᠤᠯᠬᠤ᠂ ᠬᠣᠭᠣᠯᠠ ᠬᠦᠷᠭᠡᠬᠦ ᠦᠢ᠍ᠯᠡᠴᠢᠯᠡᠭᠡ ᠬᠠᠩᠭ᠋ᠠᠵᠤ᠂ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡ ᠵᠢ ᠰᠢᠰᠲ᠋ᠧᠮᠵᠢᠭᠦᠯᠬᠦ᠂ ᠣᠶᠤᠨᠵᠢᠭᠤᠯᠬᠤ᠂ ᠡᠷᠴᠢᠮᠵᠢᠭᠦᠯᠬᠦ᠂ ᠬᠡᠯᠬᠢᠶᠡᠵᠢᠭᠦᠯᠬᠦ ᠲᠡᠢ᠌ᠰᠢ ᠬᠦᠭᠵᠢᠬᠦᠯᠪᠡ᠃ 6 ᠳ᠋ᠤᠭ᠋ᠠᠷ ᠰᠠᠷ᠎ᠠ ᠪᠣᠯᠲᠠᠯ᠎ᠠ ᠲᠦᠷᠦᠭᠦᠸ᠋ ᠪᠦᠯᠦᠭ᠎ᠤᠨ 9 ᠬᠣᠭᠣᠯᠠᠨ᠎ᠤ ᠮᠠᠰᠢᠨ ᠲᠡᠷᠭᠡ ᠵᠢ ᠨᠢᠭᠡᠨᠲᠡ ᠣᠷᠣᠭᠤᠯᠵᠤ᠂ ᠦᠯᠡᠳᠡᠭᠰᠡᠨ 21 ᠮᠠᠰᠢᠨ ᠲᠡᠷᠭᠡ ᠵᠢ ᠤᠳᠠᠭ᠎ᠠ ᠲᠠᠷᠠᠭ᠎ᠠ᠎ᠪᠠᠷ ᠠᠰᠢᠭᠯᠠᠯᠲᠠ᠎ᠳᠤ ᠣᠷᠣᠭᠤᠯᠬᠤ ᠪᠣᠯᠣᠨ᠎ᠠ᠃


ᠬᠡᠦᠬᠡᠳ᠎ᠤᠨ ᠠᠰᠠᠷᠠᠮᠵᠢ


    ᠰᠢᠯᠢ ᠵᠢᠨ ᠭᠣᠣᠯ ᠠᠢ᠌ᠮᠠᠭ᠎ᠤᠨ᠎ᠤᠨ ᠶᠡᠷᠦᠩᠬᠡᠢ᠌ᠯᠡᠭᠰᠡᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠤᠷᠴᠢᠮ᠎ᠳᠤ 《ᠰᠡᠳᠬᠢᠯ᠎ᠢ ᠤᠮᠳᠠᠯᠠᠵᠤ ᠦᠰᠦᠨ ᠪᠣᠢ᠌ᠵᠢᠬᠤ᠎ᠳᠤ ᠬᠠᠨᠢ ᠪᠣᠯᠵᠤ᠂ ᠰᠡᠳᠬᠢᠯ ᠵᠶ᠋ᠡᠨ ᠨᠢᠭᠡᠳᠬᠡᠨ ᠢᠷᠡᠭᠡᠳᠦᠢ᠎ᠪᠠᠨ ᠬᠠᠮᠠᠭ᠋ᠠᠯᠠᠬᠤ》 ᠠᠵᠢᠯᠯᠠᠭ᠎ᠠ᠎ᠪᠠᠷ  ᠪᠠᠷᠢᠴᠨ ᠪᠣᠯᠭ᠋ᠠᠵᠤ᠂ 《ᠰᠡᠳᠬᠢᠯ᠎ᠢ ᠳᠤᠯᠠᠭ᠋ᠠᠴᠠᠭᠤᠯᠤᠨ ᠰᠢᠯᠭ᠋ᠠᠯᠲᠠ ᠵᠢ ᠬᠦᠷᠭᠡᠵᠦ ᠬᠦᠰᠡᠯ ᠵᠡᠭᠦᠳᠦ ᠵᠢ᠎ᠨᠢ ᠬᠠᠮᠠᠭ᠋ᠠᠯᠠᠬᠤ》 ᠦᠢ᠍ᠯᠡᠴᠢᠯᠡᠭᠡ ᠥᠷᠨᠢᠭᠦᠯᠪᠡ᠃ ᠰᠢᠯᠢᠩᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠨᠠᠰᠤᠨ᠎ᠳᠤ ᠥᠯᠥ ᠭᠦᠷᠦᠭᠰᠡᠳ᠎ᠤᠨ ᠨᠡᠷᠡᠰ᠎ᠢ ᠪᠠᠢ᠌ᠴᠠᠭ᠋ᠠᠨ ᠵᠢᠭᠰᠠᠭ᠋ᠠᠬᠤ᠂ ᠬᠠᠪᠰᠤᠷᠬᠤ ᠴᠢᠬᠤᠯᠠᠲᠠᠢ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ ᠰᠣᠷᠣᠭᠴᠢ ᠵᠢ ᠲᠣᠭᠲᠠᠭ᠋ᠠᠬᠤ᠂ ᠶᠡᠬᠡ ᠰᠤᠷᠭ᠋ᠠᠭᠤᠯᠢ᠎ᠳᠤ ᠰᠢᠯᠭ᠋ᠠᠭᠤᠯᠬᠤ ᠬᠤᠭᠤᠴᠠᠭ᠋ᠠᠨ᠎ᠳᠤ ᠲᠣᠬᠣᠨᠢᠭᠤᠯᠬᠤ ᠪᠣᠳᠠᠰ ᠬᠦᠷᠭᠡᠬᠦ᠂ 《ᠨᠢᠭᠡ᠎ᠲᠠᠢ ᠨᠢᠭᠡ᠎ᠪᠠᠷ》 ᠬᠣᠣᠰᠯᠠᠨ ᠲᠡᠳᠬᠦᠬᠦ ᠲᠣᠭᠲᠠᠴᠠ ᠵᠢ ᠪᠠᠶ᠋ᠢᠭᠤᠯᠬᠤ᠂ ᠰᠢᠯᠭ᠋ᠠᠯᠲᠠ᠎ᠳᠤ ᠬᠦᠷᠭᠡᠬᠦ ᠪᠤᠶᠠᠨᠰᠠᠭ ᠦᠢ᠍ᠯᠡᠴᠢᠯᠡᠬᠡᠨ᠎ᠤ ᠲᠡᠷᠭᠡ᠎ᠪᠠᠷ 《ᠴᠡᠭ᠎ᠠᠴᠠ ᠴᠡᠭ᠎ᠲᠤ ᠬᠦᠷᠬᠦ》 ᠲᠤᠰᠴᠤ ᠬᠦᠷᠭᠡᠬᠦ ᠵᠡᠷᠭᠡ ᠠᠷᠭ᠎ᠠ ᠎ᠪᠠᠷ ᠰᠢᠯᠭ᠋ᠠᠯᠲᠠ᠎ᠳᠤ ᠲᠤᠰᠠᠯᠠᠬᠤ ᠲᠤᠰᠬᠠᠢ ᠦᠢ᠍ᠯᠡᠴᠢᠯᠡᠭᠡ ᠬᠠᠩᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠰᠤᠷᠤᠭᠴᠢᠳ᠎ᠤᠨ ᠬᠦᠰᠡᠯ ᠵᠡᠭᠦᠳᠦ᠎ᠪᠠᠨ ᠬᠥᠭᠡᠭᠡᠴᠡᠯᠳᠦᠬᠦ ᠰᠢᠯᠭ᠋ᠠᠯᠲᠠ ᠵᠢᠨ ᠲᠠᠯᠠᠪᠤᠷ᠎ᠲᠤ ᠬᠦᠴᠦᠨ ᠨᠡᠮᠡᠷᠢᠯᠡᠪᠡ᠃


ᠣᠷᠣᠨ᠎ᠤ ᠭᠠᠳᠠᠨᠠᠬᠢ ᠮᠡᠳᠡᠭᠡ ᠵᠠᠩᠭᠢ


    ᠬᠥᠬᠡᠨᠠᠭᠤᠷ ᠮᠤᠵᠢ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠠᠷᠪᠠᠨ ᠲᠠᠪᠤᠳᠤᠭ᠋ᠠᠷ ᠬᠤᠷᠠᠯᠳᠤᠭ᠋ᠠᠨ ᠲᠡᠬᠡᠷ᠎ᠡ ᠤᠷᠴᠢᠮ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠬᠥᠬᠡᠨᠠᠭᠤᠷ ᠮᠤᠵᠢ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠳᠦᠷᠢᠮ》᠎ᠢ ᠪᠠᠲᠤᠯᠠᠵᠤ᠂ 8 ᠳ᠋ᠤᠭ᠋ᠠᠷ ᠰᠠᠷ᠎ᠠ ᠵᠢᠨ 1᠎ᠠᠴᠠ ᠡᠬᠢᠯᠡᠵᠦ ᠬᠡᠷᠡᠭᠵᠢᠭᠦᠯᠦᠨ᠎ᠡ᠃ ᠲᠣᠰ ᠳᠦᠷᠢᠮ᠎ᠳᠤ 9 ᠪᠦᠯᠦᠭ 57 ᠵᠦᠢ᠍ᠯ ᠪᠣᠶ᠂ ᠭᠡᠷ ᠪᠦᠯᠢ ᠵᠢᠨ ᠬᠠᠮᠠᠭ᠋ᠠᠯᠠᠯᠲᠠ᠂ ᠰᠤᠷᠭ᠋ᠠᠭᠤᠯᠢ ᠵᠢᠨ ᠬᠠᠮᠠᠭ᠋ᠠᠯᠠᠯᠲᠠ᠂ ᠨᠡᠢ᠌ᠭᠡᠮ᠎ᠤᠨ ᠬᠠᠮᠠᠭ᠋ᠠᠯᠠᠯᠲᠠ᠂ ᠰᠦᠯᠵᠢᠶᠡᠨ᠎ᠤ ᠬᠠᠮᠠᠭ᠋ᠠᠯᠠᠯᠲᠠ᠂ ᠵᠠᠰᠠᠭ᠎ᠤᠨ ᠣᠷᠳᠣᠨ᠎ᠤ ᠬᠠᠮᠠᠭ᠋ᠠᠯᠠᠯᠲᠠ᠂ ᠬᠠᠤᠯᠢ ᠴᠠᠭ᠋ᠠᠵᠠ ᠵᠢᠨ ᠬᠠᠮᠠᠭ᠋ᠠᠯᠠᠯᠲᠠ ᠵᠡᠷᠭᠡ ᠲᠠᠯ᠎ᠠ᠎ᠪᠠᠷ ᠨᠠᠰᠤᠨ᠎ᠳᠤ ᠥᠯᠥ ᠭᠦᠷᠦᠭᠰᠡᠳ᠎ᠤᠨ ᠡᠷᠬᠡ ᠠᠰᠢᠭ᠎ᠤᠨ ᠬᠠᠮᠠᠭ᠋ᠠᠯᠠᠯᠲᠠ᠎ᠳᠤ ᠰᠢᠰᠲ᠋ᠧᠮ᠎ᠲᠠᠢ ᠲᠣᠭᠲᠠᠭ᠋ᠠᠯ ᠭᠠᠷᠭ᠋ᠠᠵᠠᠢ᠂ ᠡᠭᠦᠨ᠎ᠳᠤ 《ᠵᠠᠰᠠᠭ᠎ᠤᠨ ᠣᠷᠳᠣᠨ᠎ᠤ ᠬᠠᠮᠠᠭ᠋ᠠᠯᠠᠯᠲᠠ》᠂ 《ᠰᠦᠯᠵᠢᠶᠡᠨ᠎ᠤ ᠬᠠᠮᠠᠭ᠋ᠠᠯᠠᠯᠲᠠ》 ᠭᠡᠬᠦ ᠬᠣᠶᠠᠷ ᠲᠤᠰᠬᠠᠢ ᠪᠦᠯᠦᠭ᠎ᠨᠢ ᠰᠢᠨ᠎ᠡ᠎ᠪᠠᠷ ᠨᠡᠮᠡᠭᠰᠡᠨ ᠠᠭᠤᠯᠭ᠎ᠠ ᠪᠣᠯᠣᠨ᠎ᠠ᠃

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
ᠠᠷᠠᠳ᠎ᠤᠨ ᠶᠠᠪᠤᠳᠠᠯ᠎ᠤᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ ᠮᠠᠨ᠎ᠤ ᠤᠷᠤᠨ᠎ᠳᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠲᠦᠯᠦᠪᠵᠢᠬᠦᠯᠬᠡ ᠵᠢ ᠨᠠᠢ᠌ᠷᠠᠭᠤᠯᠤᠬᠰᠠᠨ ᠪᠠᠢ᠌ᠳᠠᠯ᠎ᠢ ᠪᠠᠢ᠌ᠴᠠᠭ᠋ᠠᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.8
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.17
 
            