ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠤᠭᠤᠳᠤ ᠬᠣᠲᠠ ᠵᠢᠨ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠂ ᠲᠦᠮᠡᠳ ᠪᠠᠷᠠᠭᠤᠨ ᠬᠣᠰᠢᠭᠤ᠂ ᠭᠦᠶᠠᠩ ᠰᠢᠶᠠᠨ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠡᠰ᠎ᠢ ᠦᠨᠡᠯᠡᠬᠦ ᠠᠵᠢᠯ᠎ᠤᠨ ᠪᠣᠯᠪᠠᠰᠤᠷᠠᠯ ᠢ ᠭᠤᠷᠪᠠᠨ ᠬᠤᠭᠤᠴᠠᠭ᠎ᠠ ᠡᠷᠭᠢᠯᠡᠵᠦ᠂ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠦᠨᠡᠯᠡᠯᠳᠡ ᠵᠢᠨ ᠬᠠᠮᠢᠶᠠᠷᠤᠯᠲᠠ ᠵᠢᠨ ᠠᠷᠭ᠎ᠠ》 《ᠪᠤᠭᠤᠲᠤ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠳᠡᠰ᠎ᠢ ᠦᠨᠡᠯᠡᠬᠦ ᠬᠠᠮᠢᠶᠠᠷᠤᠯᠲᠠ ᠵᠢᠨ ᠠᠷᠭ᠎ᠠ》 ᠵᠢᠨ ᠭᠣᠣᠯ ᠠᠭᠤᠯᠭ᠎ᠠ ᠵᠢ ᠲᠠᠢ᠌ᠯᠪᠤᠷᠢᠯᠠᠪᠠ ᠃ ᠦᠨᠡᠯᠡᠬᠦ ᠠᠬᠢᠴᠠ ᠵᠢ ᠵᠡᠷᠬᠡ᠎ᠪᠠᠷ ᠳᠠᠭ᠋ᠠᠵᠤ᠂ ᠮᠠᠳᠠᠭ᠎ᠲᠠᠢ ᠠᠰᠠᠭᠤᠳᠠᠯ᠎ᠢ ᠰᠦᠯᠵᠢᠶᠡᠨ ᠲᠡᠬᠡᠷ᠎ᠡ ᠰᠢᠢ᠍ᠳᠪᠦᠷᠢᠯᠡᠬᠦ᠂ ᠪᠣᠳᠠᠲᠠᠢ ᠭᠠᠵᠠᠷ ᠲᠤᠨᠢ ᠵᠢᠯᠤᠭᠣᠳᠬᠤ ᠵᠡᠷᠭᠡ᠎ᠪᠠᠷ 《ᠤᠷᠳᠤ ᠬᠤᠭᠤᠴᠠᠭ᠋ᠠᠨ᠎ᠤ ᠪᠦᠲᠦᠮᠵᠢᠲᠡᠢ ᠦᠢ᠍ᠯᠡᠴᠢᠯᠡᠭᠡᠨ᠎ᠤ ᠬᠡᠯᠬᠢᠶ᠎ᠡ》 ᠵᠢ ᠪᠠᠢ᠌ᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠦᠨᠡᠯᠡᠯᠳᠡ᠎ᠪᠠᠷ ᠪᠠᠢ᠌ᠭᠤᠯᠤᠯᠳᠠ ᠵᠢ ᠠᠬᠢᠭᠤᠯᠬᠤ᠂ ᠦᠨᠡᠯᠡᠬᠦ᠎ᠪᠠᠷ ᠦᠬᠡᠷᠡᠴᠢᠯᠡᠯᠳᠡ ᠵᠢ ᠠᠬᠢᠭᠤᠯᠵᠤ᠂ ᠬᠠᠮᠳᠤ᠎ᠪᠠᠷ ᠪᠠᠶ᠋ᠢᠭᠤᠯᠬᠤ ᠬᠠᠮᠳᠤ᠎ᠪᠠᠷ ᠵᠠᠰᠠᠬᠤ ᠬᠠᠮᠳᠤ᠎ᠪᠠᠷ ᠡᠳ᠋ᠯᠡᠬᠦ ᠨᠡᠢ᠌ᠭᠡᠮ᠎ᠤᠨ ᠵᠠᠰᠠᠯᠲᠠ ᠵᠢᠨ ᠪᠠᠢ᠌ᠷᠢᠰᠢᠯ᠎ᠢ ᠪᠠᠶ᠋ᠢᠭᠤᠯᠬᠤ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠤ ᠪᠠᠢ᠌ᠨ᠎ᠠ᠃
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠡᠷᠭᠢᠯᠡᠨ ᠬᠠᠮᠢᠶᠠᠷᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠦᠷᠢᠮ (ᠲᠤᠷᠰᠢᠨ ᠬᠡᠷᠡᠭᠵᠢᠭᠦᠯᠬᠦ)》᠎ᠢ ᠳᠠᠷᠤᠮᠠᠯᠯᠠᠨ ᠲᠠᠷᠬᠠᠭ᠋ᠠᠪᠠ᠂ ᠳᠥᠷᠪᠡᠨ ᠪᠦᠯᠦᠭ 22 ᠵᠤᠷᠪᠤᠰ ᠪᠣᠶ᠃ 《ᠳᠦᠷᠢᠮ》᠎ᠳᠤ ᠲᠣᠪᠴᠢᠶ᠎ᠠ᠎ᠠᠴᠠ ᠬᠠᠮᠢᠶᠠᠷᠬᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ᠂ ᠬᠠᠮᠢᠶᠠᠷᠤᠯᠲᠠ ᠵᠢᠨ ᠬᠡᠪᠴᠢᠶ᠎ᠡ ᠪᠠ ᠲᠤᠰᠢᠶᠠᠯ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠲᠣᠳᠣᠷᠬᠠᠢ᠌ᠯᠠᠵᠤ᠂ ᠳᠠᠩᠰᠠᠯᠠᠬᠤ ᠶᠠᠪᠤᠴᠠ ᠵᠢ ᠵᠢᠷᠤᠮᠵᠢᠭᠤᠯᠤᠨ ᠪᠠᠶ᠋ᠢᠭᠤᠯᠬᠤ᠂ ᠬᠤᠪᠢᠷᠠᠭᠤᠯᠬᠤ ᠪᠠ ᠬᠦᠴᠦᠨ ᠦᠭᠡᠢ ᠪᠣᠯᠭ᠋ᠠᠵᠤ᠂ ᠬᠢᠨᠠᠯᠲᠠ ᠬᠠᠮᠢᠶᠠᠷᠤᠯᠲᠠ᠂ ᠴᠢᠬᠤᠯᠠ ᠵᠦᠢ᠍ᠯᠡᠰ᠎ᠢ ᠮᠡᠳᠡᠭᠦᠯᠬᠦ ᠵᠡᠷᠭᠡ ᠵᠦᠢ᠍ᠯᠡᠰ᠎ᠢ ᠨᠠᠷᠢᠯᠢᠭᠵᠢᠭᠤᠯᠤᠨ᠎ᠠ᠃ ᠡᠨᠡ ᠬᠦ᠌ ᠠᠷᠭ᠎ᠠ᠎ᠨᠢ ᠬᠠᠮᠢᠶᠠᠷᠤᠯᠳᠠ ᠵᠢᠨ ᠬᠤᠭᠤᠰᠤᠨ ᠵᠠᠢ ᠦᠯᠡᠳᠡᠬᠡᠬᠦ᠎ᠠᠴᠠ ᠰᠡᠷᠭᠡᠢ᠌ᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠷᠤᠮᠵᠢᠭᠤᠯᠤᠭᠰᠠᠨ ᠪᠠᠢ᠌ᠭᠤᠯᠤᠯᠲᠠ ᠵᠢ ᠠᠬᠢᠭᠤᠯᠬᠤ ᠵᠢᠨ ᠲᠥᠯᠥᠭᠡ ᠶᠤᠮ᠃
ᠨᠡᠢ᠌ᠭᠡᠮ᠎ᠤᠨ ᠲᠤᠰᠠᠯᠠᠮᠵᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠤᠷᠴᠢᠮ᠎ᠳᠤ 《2025 ᠣᠨ᠎ᠤ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠪᠠᠷᠢᠮᠵᠢᠶ᠎ᠠ ᠵᠢᠨ ᠬᠣᠯᠪᠣᠭᠳᠠᠯ ᠪᠦᠬᠦᠢ ᠵᠦᠢ᠍ᠯᠡᠰ᠎ᠤᠨ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠢᠨᠠᠨ ᠬᠠᠷᠭᠤᠭᠤᠯᠵᠤ ᠲᠣᠭᠲᠠᠭ᠋ᠠᠭᠰᠠᠨ ᠲᠤᠰᠠᠯᠠᠮᠵᠢ ᠵᠢᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠵᠢᠨ ᠨᠥᠬᠥᠪᠦᠷᠢ ᠵᠢ ᠲᠠᠷᠬᠠᠭ᠋ᠠᠬᠤ ᠵᠢ ᠵᠢᠷᠤᠮᠵᠢᠭᠤᠯᠵᠤ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠡᠮᠵᠢᠬᠦ ᠪᠠ ᠪᠠᠢ᠌ᠡᠭᠭᠤᠵᠢᠭᠤᠯᠤᠨ ᠲᠤᠰᠠᠯᠠᠬᠤ ᠠᠵᠢᠯ᠎ᠢ ᠴᠢᠩᠭ᠋ᠠᠳᠬᠠᠵᠤ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠡᠦᠬᠡᠳ᠎ᠤᠨ ᠠᠰᠠᠷᠠᠮᠵᠢ
ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠬᠠᠷᠢᠶᠠᠲᠤ ᠬᠡᠦᠬᠡᠳ᠎ᠤᠨ ᠴᠡᠴᠡᠷᠯᠢᠭ᠎ᠤᠨ᠎ᠬᠢᠨ ᠬᠦᠬᠡᠬᠤᠳᠠ ᠵᠢᠨ ᠴᠣᠷ᠎ᠤᠨ ᠭᠠᠭᠴᠠ ᠠᠯᠪᠠᠨ᠎ᠠᠴᠠ ᠡᠷᠭᠢᠯᠡᠭᠰᠡᠨ ᠣᠨᠴᠠᠭ᠋ᠠᠶ ᠬᠡᠦᠬᠡᠳ᠎ᠤᠨ ᠴᠡᠴᠡᠷᠯᠢᠭ ᠪᠣᠯᠤᠭᠰᠠᠨ᠎ᠤ ᠬᠤᠪᠢ᠎ᠳᠤ᠂ 3᠎ᠠᠴᠠ 9 ᠨᠠᠰᠤᠨ᠎ᠤ ᠣᠨᠴᠠ ᠬᠡᠷᠡᠭᠴᠡᠬᠡ ᠪᠦᠬᠦᠢ ᠬᠡᠦᠬᠡᠳ᠎ᠲᠤ ᠦᠢ᠍ᠯᠡᠴᠢᠯᠡᠭᠡ ᠬᠠᠩᠭ᠋ᠠᠨ᠎ᠠ᠃ ᠴᠡᠴᠡᠷᠯᠢᠭ᠎ᠤᠨ ᠳᠣᠲᠣᠷ᠎ᠠ 8 ᠲᠠᠰᠤᠯᠭ᠎ᠠ ᠡᠷᠡᠭᠦᠯᠵᠢᠯ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠤᠭᠰᠠᠨ ᠬᠢᠴᠢᠶᠡᠯ᠎ᠤᠨ ᠭᠡᠷ ᠲᠣᠬᠢᠷᠠᠭᠤᠯᠵᠤ᠂ ᠲᠤᠰᠬᠠᠢ ᠪᠠᠭᠰᠢ᠂ ᠡᠷᠡᠭᠦᠯᠵᠢᠭᠦᠯᠦᠭᠴᠢ᠂ ᠨᠡᠢ᠌ᠭᠡᠮ᠎ᠤᠨ ᠠᠵᠢᠯᠲᠠᠨ᠂ ᠡᠮᠴᠢ ᠰᠤᠪᠢᠯᠠᠭᠴᠢ ᠵᠡᠷᠭᠡ ᠲᠤᠰᠬᠠᠢ ᠮᠡᠷᠭᠡᠵᠢᠯ᠎ᠤᠨ ᠬᠦᠴᠦᠨ᠎ᠢ ᠲᠣᠬᠢᠷᠠᠭᠤᠯᠤᠨ᠂ 《ᠵᠥᠷᠢᠶ᠎ᠡ ᠵᠢ ᠬᠦᠨᠳᠦᠳᠬᠡᠬᠦ᠂ ᠣᠯᠠᠨ ᠡᠰᠢᠴᠢᠯᠡᠨ ᠬᠥᠭᠵᠢᠭᠦᠯᠬᠦ᠂ ᠠᠭᠤᠰᠤᠯᠴᠠᠨ ᠬᠠᠮᠲᠤ ᠣᠷᠣᠰᠢᠬᠤ᠂ ᠨᠡᠢ᠌ᠭᠡᠮ᠎ᠳᠤ ᠦᠢ᠍ᠯᠡᠴᠢᠯᠡᠬᠦ》 ᠤᠢ᠌ᠯᠠᠭ᠋ᠠᠬᠳᠠᠬᠤᠨ᠎ᠢ ᠪᠠᠷᠢᠮᠲᠠᠯᠠᠵᠤ᠂ 《ᠡᠷᠡᠭᠦᠯᠵᠢᠯ ᠰᠤᠷᠭ᠋ᠠᠨ ᠬᠥᠮᠦᠵᠢᠯ᠎ᠢ ᠤᠶᠠᠯᠳᠤᠭᠤᠯᠬᠤ》 ᠵᠠᠭᠪᠤᠷ ᠵᠶ᠋ᠠᠷ ᠣᠨᠴᠠᠯᠢᠭ ᠵᠶ᠋ᠠᠨ ᠪᠣᠯᠭ᠋ᠠᠵᠤ᠂ ᠪᠥᠬᠥ ᠲᠠᠯ᠎ᠠ ᠵᠢᠨ ᠰᠤᠷᠭ᠋ᠠᠨ ᠬᠥᠮᠦᠵᠢᠯ᠎ᠤᠨ ᠡᠷᠡᠭᠦᠯᠵᠢᠯ᠎ᠤᠨ ᠦᠢ᠍ᠯᠡᠴᠢᠯᠡᠭᠡ ᠵᠢ ᠬᠠᠩᠭ᠋ᠠᠨ᠎ᠠ᠃ 2025 ᠣᠨ᠎ᠠᠴᠠ ᠡᠬᠢᠯᠡᠨ ᠬᠦᠬᠡᠬᠤᠳᠠ ᠵᠢᠨ ᠬᠡᠪᠴᠢᠶᠡᠨ᠎ᠠᠴᠠ ᠰᠣᠷᠣᠭᠴᠢ ᠡᠯᠰᠡᠬᠦ ᠪᠤᠯᠤᠨ᠎ᠠ᠃ ᠣᠲᠣ ᠬᠥᠬᠡᠬᠣᠲᠠ ᠵᠢᠨ ᠡᠷᠦᠬᠡ ᠠᠮᠠ ᠲᠠᠢ ᠪᠥᠭᠡᠳ ᠵᠡᠮᠳᠡᠭᠴᠦᠳ᠎ᠤᠨ ᠦᠨᠡᠮᠯᠡᠯ᠎ᠲᠠᠢ ᠰᠤᠷᠭ᠋ᠠᠭᠤᠯᠢ᠎ᠳᠤ ᠣᠷᠣᠬᠤ ᠨᠠᠰᠤᠨ᠎ᠤ ᠬᠡᠦᠬᠡᠳ᠎ᠠᠴᠠ ᠰᠣᠷᠣᠭᠴᠢ ᠡᠯᠰᠡᠵᠦ᠂ ᠣᠨᠴᠠᠭ᠋ᠠᠶ ᠬᠡᠦᠬᠡᠳ᠎ᠤᠨ ᠨᠡᠢ᠌ᠭᠡᠮᠯᠤᠭᠠ ᠠᠭᠤᠰᠤᠯᠴᠠᠬᠤ᠎ᠳᠤ ᠬᠦᠴᠤᠨ ᠨᠡᠮᠡᠷᠢᠯᠡᠬᠦ ᠪᠤᠯᠤᠨ᠎ᠠ᠃
ᠣᠷᠣᠨ᠎ᠤ ᠭᠠᠳᠠᠨᠠᠬᠢ ᠮᠡᠳᠡᠭᠡ ᠵᠠᠩᠭᠢ
ᠭᠤᠸᠠᠡᠭᠰᠢ ᠵᠢᠨ ᠵᠤᠸᠠᠡᠭ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠭᠤᠸᠠᠡᠭᠰᠢ ᠵᠢᠨ ᠵᠤᠸᠠᠡᠭ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ᠎ᠲᠠᠢ ᠬᠠᠮᠲᠤᠷᠠᠨ ᠤᠷᠴᠢᠮ᠎ᠳᠤ 《ᠠᠵᠤ ᠠᠬᠤᠢ ᠵᠢᠨ ᠬᠦᠴᠢᠷᠳᠡᠯ᠎ᠲᠠᠢ᠎ᠪᠠᠷ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ᠎ᠢ ᠲᠥᠪᠯᠡᠷᠡᠭᠦᠯᠦᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ 《ᠠᠵᠤ ᠠᠬᠤᠢ ᠵᠢᠨ ᠲᠠᠯ᠎ᠠ᠎ᠪᠠᠷ ᠬᠦᠴᠢᠷᠳᠡᠯ᠎ᠲᠠᠢ᠂ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ ᠵᠡᠷᠭᠡ ᠬᠥᠮᠥᠰ 〈ᠠᠰᠠᠷᠠᠮᠵᠢ ᠵᠢᠨ ᠬᠦᠷᠢᠶᠡᠯᠡᠡᠭ᠎ᠳᠤ ᠰᠠᠭᠤᠬᠰᠠᠨᠤᠬᠢᠨᠢ ᠳᠠᠷᠠᠭ᠎ᠠ ᠲᠤᠰᠠᠯᠠᠬᠤ〉 ᠵᠠᠷᠴᠢᠮ ᠵᠶ᠋ᠡᠷ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠷᠣᠵᠤ ᠰᠠᠭᠤᠭ᠋ᠠᠳ 30 ᠬᠤᠨᠤᠬᠰᠠᠨᠤ ᠳᠠᠷᠠᠭ᠎ᠠ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ᠎ᠠᠴᠠ ᠨᠥᠬᠥᠪᠦᠷᠢ ᠭᠤᠶᠤᠴᠢᠯᠠᠵᠤ ᠪᠣᠯᠣᠨ᠎ᠠ᠂ ᠬᠥᠳᠡᠯᠵᠦ ᠪᠠᠷᠢᠬᠤ᠎ᠳᠤ ᠳᠥᠭᠥᠮ ᠦᠭᠡᠢ ᠪᠤᠶᠤ ᠪᠤᠰᠤᠳ ᠣᠨᠴᠠᠭ᠋ᠠᠶ ᠪᠠᠢ᠌ᠳᠠᠯ᠎ᠲᠠᠢ ᠨᠠᠰᠤᠲᠠᠢ᠌ᠴᠤᠳ᠎ᠢ ᠭᠡᠷ ᠪᠦᠯᠢ ᠵᠢᠨ᠎ᠬᠢᠨ ᠪᠤᠶᠤ ᠣᠷᠣᠵᠤ ᠰᠠᠭᠤᠭᠰᠠᠨ ᠪᠠᠢ᠌ᠭᠤᠯᠤᠮᠵᠢ ᠵᠢᠨ᠎ᠬᠢᠨ᠎ᠨᠢ ᠣᠷᠣᠯᠠᠨ ᠭᠤᠶᠤᠴᠢᠯᠠᠵᠤ ᠪᠣᠯᠣᠨ᠎ᠠ᠃ ᠲᠤᠰᠠᠯᠠᠮᠵᠢ ᠵᠢᠨ ᠮᠥᠩᠭᠥ ᠵᠢ ᠵᠠᠷᠴᠢᠮ ᠳᠡᠭᠡᠷ᠎ᠡ᠎ᠪᠠᠨ ᠰᠠᠷ᠎ᠠ᠎ᠪᠠᠷ ᠨᠡᠢ᠌ᠭᠡᠮᠴᠢᠯᠡᠨ ᠣᠯᠭᠣᠬᠤ ᠠᠷᠭ᠎ᠠ ᠵᠢ ᠬᠡᠷᠡᠭᠵᠢᠭᠦᠯᠵᠦ᠂ ᠭᠤᠶᠤᠴᠢᠯᠠᠭᠴᠢ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠣᠷᠣᠵᠤ ᠰᠠᠭᠤᠭᠰᠠᠨ ᠰᠠᠷ᠎ᠠ᠎ᠠᠴᠠ ᠡᠬᠢᠯᠡᠵᠦ ᠪᠤᠳᠤᠨ᠎ᠠ》 ᠬᠡᠵᠡᠢ᠃