ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.8
ᠨᠡᠶᠢᠲᠡᠯᠡᠭᠰᠡᠨ ᠴᠠᠭ᠄ 2025-06-10

ᠶᠡᠷᠤᠡᠭᠭᠡᠢ᠌ᠯᠡᠭᠰᠡᠨ ᠠᠵᠢᠯ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠨᠡ ᠵᠢᠯ ᠰᠢᠯᠢ ᠵᠢᠨ ᠭᠤᠤᠯ ᠠᠢ᠌ᠮᠠᠭ᠎ᠤᠨ ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ ᠭᠠᠯ ᠤᠨᠲᠠᠷᠠᠭ᠋ᠠᠬᠤ᠂ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ᠎ᠬᠢᠨ᠎ᠢ ᠵᠢᠯᠤᠭᠣᠳᠴᠤ᠂ ᠠᠶᠤᠯ ᠦᠬᠡᠢ ᠵᠢᠨ  ᠤᠬᠠᠭᠤᠯᠭ᠎ᠠ ᠵᠢ ᠨᠡᠢ᠌ᠭᠡᠮ ᠲᠣᠭᠣᠷᠢᠭ᠎ᠲᠤ ᠣᠷᠣᠭᠤᠯᠬᠤ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠣᠷᠣᠭᠤᠯᠬᠤ ᠠᠵᠢᠯᠯᠠᠭ᠎ᠠ ᠵᠢ ᠶᠡᠬᠡ᠎ᠪᠠᠷ ᠥᠷᠨᠢᠭᠦᠯᠪᠡ᠃ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠰᠢᠯᠢ ᠵᠢᠨ ᠭᠤᠤᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ᠎ᠬᠢᠨ ᠭᠠᠯ᠎ᠤᠨ ᠠᠶᠤᠯ᠎ᠢ ᠰᠡᠷᠭᠡᠢ᠌ᠯᠡᠬᠦ᠂ ᠪᠠᠴᠢᠮ ᠲᠠᠷᠬᠠᠭ᠋ᠠᠬᠤ᠂ ᠪᠠᠴᠢᠮ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠠᠶᠤᠯ ᠦᠬᠡᠢ ᠦᠢ᠍ᠯᠡᠳᠪᠦᠷᠢᠯᠡᠯ᠎ᠤᠨ ᠮᠡᠳᠡᠯᠭᠡ ᠵᠢᠨ ᠲᠣᠭᠣᠷᠢᠨ᠎ᠳᠤ 77 ᠲᠠᠯᠠᠪᠤᠷ  ᠪᠤᠯᠪᠠᠰᠤᠷᠠᠯ ᠵᠶ᠋ᠡᠷ 3035 ᠤᠳᠠᠭ᠎ᠠ ᠪᠤᠯᠪᠠᠰᠤᠷᠠᠯ ᠬᠦᠷᠳᠡᠬᠡᠪᠡ ᠃
   ᠣᠷᠳᠣᠰ ᠬᠣᠲᠠ ᠵᠢᠨ᠎ᠬᠢᠨ 《ᠭᠤᠷᠪᠠ ᠵᠢ ᠬᠠᠮᠢᠶᠠᠷᠴᠤ ᠭᠤᠷᠪᠠ ᠵᠢ ᠡᠷᠬᠡᠪᠰᠢ ᠬᠢᠬᠦ》 ᠵᠠᠷᠴᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠪᠥᠬᠥ ᠲᠠᠯ᠎ᠠ ᠵᠢᠨ  ᠠᠶᠤᠯ ᠦᠬᠡᠢ ᠵᠢᠨ ᠬᠢᠨᠠᠯᠲᠠ ᠬᠠᠮᠢᠶᠠᠷᠤᠯᠲᠠ ᠵᠢᠨ ᠰᠢᠰᠲᠸᠮ᠎ᠢ ᠪᠠᠢ᠌ᠭᠤᠯᠪᠠ᠃ 《ᠠᠶᠤᠯ ᠦᠭᠡᠢ ᠦᠢ᠍ᠯᠡᠳᠪᠦᠷᠢᠯᠡᠯ᠎ᠤᠨ ᠤᠳᠤᠷᠢᠳᠤᠯᠭ᠎ᠠ ᠵᠢᠨ ᠡᠯᠭᠦᠭᠡ ᠴᠡᠭ ᠵᠶ᠋ᠡᠷ ᠬᠣᠰᠢᠭᠤ ᠣᠷᠣᠨ᠎ᠲᠠᠢ ᠬᠠᠷᠢᠯᠴᠠᠬᠤ ᠳᠦᠷᠢᠮ》 ᠵᠡᠷᠭᠡ ᠪᠢᠴᠢᠭ ᠮᠠᠲ᠋ᠧᠷᠢᠶᠠᠯ ᠵᠶ᠋ᠠᠷ ᠳᠠᠮᠵᠢᠭᠤᠯᠤᠨ᠂ 《ᠠᠶᠤᠯ ᠦᠭᠡᠢ ᠦᠢ᠍ᠯᠡᠳᠪᠦᠷᠢᠯᠡᠯ᠎ᠤᠨ ᠨᠢᠭᠡ᠎ᠠᠴᠠ ᠵᠦᠢ᠍ᠴᠢᠯᠡᠵᠦ ᠭᠤᠷᠪᠠ ᠵᠢ ᠳᠠᠷᠠᠭ᠋ᠠᠯᠠᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠰᠠᠨᠠᠭᠤᠯᠭ᠎ᠠ ᠵᠢᠨ ᠵᠠᠬᠢᠳᠠᠯ》 ᠵᠡᠷᠭᠡ ᠲᠣᠭᠲᠠᠴᠠ ᠵᠢ ᠪᠠᠢ᠌ᠭᠤᠯᠵᠤ᠂  ᠠᠶᠤᠯ ᠦᠬᠡᠢ ᠵᠢᠨ ᠳᠦᠷᠢᠮ᠎ᠤᠨ ᠰᠠᠭᠤᠷᠢ ᠵᠢ ᠪᠡᠬᠢᠵᠢᠬᠦᠯᠪᠡ᠃ ᠡᠨᠡ ᠵᠢᠯ ᠠᠶᠤᠯ ᠦᠬᠡᠢ ᠦᠢ᠍ᠯᠡᠳᠪᠦᠷᠢᠯᠡᠯ᠎ᠤᠨ ᠬᠤᠷᠠᠯ᠎ᠢ 8 ᠤᠳᠠᠭ᠎ᠠ ᠬᠤᠷᠠᠯᠳᠤᠭᠤᠯᠵᠤ 4 ᠤᠳᠠᠭ᠎ᠠ ᠲᠤᠬᠠᠢ ᠵᠢᠨ ᠭᠠᠵᠠᠷ᠎ᠲᠤ᠎ᠨᠢ ᠱᠠᠯᠠᠪᠳᠠᠭᠤᠯᠤᠨ ᠪᠠᠢ᠌ᠴᠠᠭ᠋ᠠᠵᠤ᠂ 56 ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠴᠠᠭ᠋ᠠᠵᠤ᠂ ᠠᠮᠤᠷ ᠲᠦᠪᠰᠢᠨ᠎ᠤ ᠬᠡᠮ ᠰᠤᠭᠤᠭ᠎ᠢ 108 ᠵᠢ ᠳᠠᠷᠠᠭ᠋ᠠᠯᠠᠨ ᠪᠠᠢ᠌ᠴᠠᠭ᠋ᠠᠵᠤ᠂ 95 ᠵᠦᠢ᠍ᠯ᠎ᠢ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠤᠭᠰᠠᠨ ᠨᠤᠷᠮ᠎ᠠ 88%᠎ᠳᠤ ᠬᠦᠷᠴᠦ᠂ ᠪᠤᠰᠤᠳ ᠠᠰᠠᠭᠤᠳᠠᠯ᠎ᠢ ᠮᠥᠷᠳᠡᠨ ᠬᠢᠨᠠᠯᠲᠠ ᠲᠠᠯᠪᠢᠵᠤ ᠪᠠᠢ᠌ᠭ᠋ᠠᠳ ᠪᠢᠲᠡᠭᠦᠦ ᠴᠠᠭ᠋ᠠᠷᠢᠭ ᠵᠶ᠋ᠠᠷ  ᠰᠢᠢ᠍ᠳᠪᠤᠷᠢᠯᠡᠵᠤ  ᠠᠶᠤᠯ ᠦᠬᠡᠢ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ  ᠴᠢᠷᠮᠠᠢ᠌ᠨ ᠠᠬᠢᠭᠤᠯᠤᠭᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠪᠠᠳᠤᠯᠠᠭ᠎ᠠ ᠵᠢᠨ ᠰᠢᠰᠲᠸᠮ᠎ᠢ ᠴᠢᠷᠮᠠᠢ᠌ᠨ ᠪᠠᠢ᠌ᠭᠤᠯᠵᠤ ᠪᠠᠢ᠌ᠨ᠎ᠠ᠃ ᠤᠯᠠᠭ᠋ᠠᠨᠴᠠᠪ ᠬᠣᠲᠠ ᠵᠢᠨ ᠠᠨᠠᠭ᠋ᠠᠬᠤ ᠤᠬᠠᠭ᠋ᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ᠂ 《ᠡᠤ ᠯᠠᠨ ᠮᠸᠢ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ᠂ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠪᠣᠯᠪᠠᠰᠤᠷᠠᠯ᠎ᠤᠨ ᠰᠠᠭᠤᠷᠢᠨ ᠭᠠᠵᠠᠷ ᠵᠶ᠋ᠠᠷ ᠦᠨᠡᠯᠡᠭᠳᠡᠵᠦ᠂ ᠤᠯᠠᠭ᠋ᠠᠨᠴᠠᠪ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠪᠣᠯᠪᠠᠰᠤᠷᠠᠯ᠎ᠤᠨ ᠰᠠᠭᠤᠷᠢᠨ ᠭᠠᠵᠠᠷ ᠵᠶ᠋ᠠᠷ ᠦᠨᠡᠯᠡᠭᠳᠡᠵᠦ᠂ ᠤᠯᠠᠭ᠋ᠠᠨᠴᠠᠪ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠰᠤᠪᠢᠯᠠᠬ᠍ᠴᠢ ᠵᠢᠨ ᠴᠢᠳᠠᠪᠤᠷᠢᠳᠠᠨ᠎ᠤ ᠪᠤᠯᠪᠠᠰᠤᠷᠠᠯ ᠵᠢ ᠰᠠᠭᠤᠷᠢ ᠲᠤᠯᠭ᠋ᠠᠭᠤᠷᠢᠯᠠᠯ ᠬᠠᠡᠭᠭ᠋ᠠᠯ᠎ᠠ᠃  2024 ᠣᠨ᠎ᠠᠴᠠ ᠣᠲᠣ ᠪᠣᠯᠲᠠᠯ᠎ᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠦᠷᠢᠶᠡᠯᠡᠩ᠎ᠤᠨ ᠳᠠᠷᠤᠭ᠎ᠠ ᠵᠢ ᠡᠭᠡᠯᠵᠢᠯᠡᠨ ᠪᠣᠯᠪᠠᠰᠤᠷᠠᠭᠤᠯᠬᠤ᠂ ᠨᠠᠰᠤᠵᠢᠯ᠎ᠤᠨ ᠠᠰᠠᠷᠠᠮᠵᠢ ᠵᠢᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ ᠥᠷᠨᠢᠭᠦᠯᠬᠦ ᠵᠡᠷᠭᠡ ᠠᠷᠭ᠎ᠠ᠎ᠪᠠᠷ ᠳᠠᠮᠵᠢᠭᠤᠯᠤᠨ ᠨᠠᠰᠤᠵᠢᠯ᠎ᠤᠨ ᠠᠰᠠᠷᠠᠮᠵᠢ ᠵᠢᠨ ᠠᠰᠠᠷᠠᠭᠴᠢ ᠵᠢ 630᠂  ᠪᠡᠶ᠎ᠡ᠎ᠳᠤ᠎ᠪᠠᠨ ᠵᠦᠪ ᠦᠬᠡᠢ ᠨᠠᠰᠤᠲᠠᠨ᠎ᠤ ᠭᠡᠷ ᠪᠦᠯᠢ ᠵᠢᠨ ᠠᠰᠠᠷᠠᠭᠴᠢ ᠵᠢ 312 ᠪᠣᠯᠪᠠᠰᠤᠷᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠪᠡ᠃
 
ᠬᠡᠦᠬᠡᠳ᠎ᠤᠨ ᠠᠰᠠᠷᠠᠮᠵᠢ


  ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠦᠨᠳᠦᠰᠦᠨ ᠪᠠᠲᠤᠯᠠᠭ᠎ᠠ ᠵᠢᠨ ᠰᠦᠯᠵᠢᠶ᠎ᠡ᠂ ᠵᠢᠭᠰᠠᠭ᠋ᠠᠯ᠎ᠤᠨ ᠭᠠᠵᠠᠷ᠎ᠤᠨ ᠦᠢ᠍ᠯᠡᠴᠢᠯᠡᠭᠡᠨ᠎ᠤ ᠰᠦᠯᠵᠢᠶ᠎ᠡ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠰᠦᠯᠵᠢᠶ᠎ᠡ᠂ ᠲᠤᠷᠰᠢᠯᠲᠠ ᠵᠢᠨ ᠴᠡᠭ᠎ᠤᠨ ᠰᠢᠨ᠎ᠡ ᠵᠢ ᠡᠭᠦᠳᠬᠦ ᠰᠦᠯᠵᠢᠶ᠎ᠡ᠂ ᠨᠡᠢ᠌ᠭᠡᠮ᠎ᠤᠨ ᠡᠬᠢ ᠪᠠᠶᠠᠯᠢᠭ᠎ᠤᠨ ᠰᠦᠯᠵᠢᠶ᠎ᠡ》 ᠲᠠᠪᠤᠨ ᠰᠦᠯᠵᠢᠶ᠎ᠡ ᠵᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ᠎ᠢ ᠡᠭᠦᠳᠦᠨ ᠰᠢᠰᠲ᠋ᠧᠮᠲᠦ ᠰᠡᠳᠬᠢᠬᠦᠢ᠎ᠪᠠᠷ ᠬᠡᠦᠬᠡᠳ᠎ᠤᠨ ᠠᠰᠠᠷᠠᠮᠵᠢ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠦᠷᠭᠦᠯᠵᠢᠯᠡᠨ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠡᠬᠢ ᠪᠠᠶᠠᠯᠢᠭ᠎ᠢ ᠡᠮᠬᠢᠯᠡᠨ ᠡᠮᠬᠢᠯᠡᠬᠦ ᠠᠵᠢᠯ᠎ᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠰᠢᠨ᠎ᠡ ᠵᠢ ᠡᠭᠦᠳᠬᠦ ᠵᠢ ᠭᠦᠨᠵᠡᠭᠡᠢ᠌ᠷᠡᠭᠦᠯᠦᠨ᠂ ᠪᠥᠬᠥ ᠲᠠᠯ᠎ᠠ ᠵᠢ ᠬᠠᠮᠤᠷᠤᠭᠰᠠᠨ᠂ ᠨᠠᠷᠢᠯᠢᠭ ᠣᠨᠣᠴᠠᠲᠠᠢ ᠦᠢ᠍ᠯᠡᠴᠢᠯᠡᠭᠰᠡᠨ᠂ ᠣᠯᠠᠨ ᠡᠰᠢᠲᠦ ᠬᠠᠮᠵᠢᠯᠴᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠰᠢᠰᠲᠸᠮ᠎ᠢ ᠪᠣᠶ ᠪᠣᠯᠭ᠋ᠠᠵᠤ᠂ ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠠᠯᠠᠭᠤᠨ ᠳᠤᠯᠠᠭ᠋ᠠᠨ 《ᠰᠠᠬᠢᠨ ᠬᠠᠮᠠᠭ᠋ᠠᠯᠠᠬᠤ ᠰᠢᠬᠦᠷ》᠎ᠢ  ᠬᠠᠡᠭᠭ᠋ᠠᠵᠤ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


     ᠾᠧᠨᠠᠨ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠾᠧᠨᠠᠨ ᠮᠤᠵᠢ ᠵᠢᠨ ᠬᠡᠷᠡᠭᠯᠡᠭᠡ ᠵᠢ ᠬᠦᠭᠵᠢᠬᠡᠬᠦ ᠲᠤᠰᠬᠠᠢ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠨᠡᠢ᠌ᠭᠡᠮ᠎ᠤᠨ ᠪᠠᠲᠤᠯᠠᠭ᠎ᠠ ᠵᠢᠨ ᠳᠡᠮᠵᠢᠯᠭᠡ ᠵᠢ ᠴᠢᠩᠭ᠋ᠠᠳᠬᠠᠬᠤ᠂ ᠨᠠᠰᠤᠵᠢᠯ᠎ᠤᠨ ᠠᠰᠠᠷᠠᠮᠵᠢ ᠵᠢᠨ ᠬᠡᠷᠡᠭᠯᠡᠭᠡ ᠵᠢ ᠥᠷᠭᠡᠳᠬᠡᠬᠦ ᠵᠡᠷᠭᠡ ᠠᠷᠠᠳ᠎ᠲᠤ ᠠᠰᠢᠭ ᠬᠦᠷᠲᠡᠭᠡᠬᠦ ᠣᠯᠠᠨ ᠠᠷᠭ᠎ᠠ  ᠵᠢ ᠲᠣᠭᠲᠠᠭ᠋ᠠᠪᠠ᠃ ᠬᠡᠷᠡᠭᠵᠢᠭᠦᠯᠬᠦ ᠲᠥᠰᠥᠯ᠎ᠳᠤ᠄ 《ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠤᠨ ᠬᠡᠮᠵᠢᠯᠲᠡ ᠵᠢᠨ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠡᠢ᠌ᠭᠡᠮ᠎ᠤᠨ  ᠲᠤᠰᠠᠯᠠᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ᠂ ᠣᠨᠴᠠ ᠬᠦᠴᠢᠷᠳᠡᠯ᠎ᠲᠠᠢ ᠬᠥᠮᠥᠨ᠎ᠢ ᠠᠰᠠᠷᠠᠨ ᠲᠡᠵᠢᠭᠡᠬᠦ ᠵᠡᠷᠭᠡ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠢ᠃ ᡽ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠤᠨ ᠨᠠᠰᠤᠵᠢᠯ᠎ᠤᠨ ᠦᠬᠡᠷᠡᠴᠢᠯᠡᠯᠳᠡ ᠵᠢᠨ  ᠦᠢ᠍ᠯᠡᠳᠬᠦᠨ᠎ᠢ ᠬᠤᠳᠠᠯᠳᠤᠨ ᠠᠪᠤᠬᠰᠠᠨ ᠨᠠᠰᠤᠲᠠᠢ᠌ᠴᠤᠳ᠎ᠤᠨ ᠭᠡᠷ ᠪᠦᠯᠢ᠎ᠳᠤ ᠨᠠᠰᠤᠵᠢᠯ᠎ᠤᠨ ᠦᠬᠡᠷᠡᠴᠢᠯᠡᠯᠳᠡ᠎ᠳᠤ ᠲᠤᠬᠢᠷᠠᠬᠤ  ᠦᠢ᠍ᠯᠡᠳᠬᠦᠨ᠎ᠤ ᠶᠡᠷᠦᠩᠬᠡᠢ ᠵᠠᠷᠤᠳᠠᠯ᠎ᠤᠨ 30%᠎ᠪᠠᠷ ᠨᠥᠬᠥᠪᠦᠷᠢ ᠣᠯᠭᠣᠨ᠎ᠠ᠃ ᠨᠠᠰᠤᠵᠢᠯ᠎ᠤᠨ ᠦᠢ᠍ᠯᠡᠴᠢᠯᠡᠭᠡᠨ᠎ᠤ ᠲᠤᠰᠬᠠᠢ ᠪᠠᠢ᠌ᠭᠤᠯᠤᠮᠵᠢ ᠵᠢ ᠵᠢᠯᠤᠭᠣᠳᠴᠤ ᠪᠠᠢ᠌ᠭ᠋ᠠᠳ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ (ᠰᠢᠶᠠᠩ ᠪᠠᠯᠭ᠋ᠠᠰᠤ) ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠠ ᠨᠡᠢ᠌ᠭᠡᠮ ᠲᠣᠭᠣᠷᠢᠭ (ᠲᠣᠰᠬᠣᠨ)᠎ᠤᠨ ᠨᠠᠰᠤᠵᠢᠯ᠎ᠤᠨ ᠦᠢ᠍ᠯᠡᠴᠢᠯᠡᠭᠡᠨ᠎ᠤ  ᠲᠦᠬᠦᠬᠡᠷᠤᠮᠵᠢ ᠵᠢ ᠬᠡᠯᠬᠢᠶᠡᠵᠢᠭᠦᠯᠦᠨ ᠠᠵᠢᠯᠯᠠᠭᠤᠯᠤᠨ᠎ᠠ》 ᠭᠡᠵᠤ ᠲᠤᠷᠠᠳᠪᠠ᠃

 



  


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
 
            