ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.18
ᠨᠡᠶᠢᠲᠡᠯᠡᠭᠰᠡᠨ ᠴᠠᠭ᠄ 2025-06-18

  ᠣᠷᠣᠨ ᠬᠤᠪᠢᠶᠠᠷᠢᠯᠠᠯ ᠭᠠᠵᠠᠷ᠎ᠤᠨ ᠨᠡᠷᠡᠰ


   ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠬᠥᠳᠡᠭᠡ ᠲᠣᠰᠬᠣᠨ᠎ᠢ ᠠᠯᠳᠠᠷᠰᠢᠭᠤᠯᠬᠤ ᠠᠵᠢᠯᠯᠠᠭ᠎ᠠ》 ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ 《ᠬᠥᠳᠡᠭᠡ ᠲᠣᠰᠬᠣᠨ ᠵᠢ ᠠᠯᠳᠠᠷᠰᠢᠭᠤᠯᠬᠤ ᠠᠵᠢᠯᠯᠠᠭ᠎ᠠ ᠲᠠᠨ᠎ᠢ ᠤᠷᠢᠵᠤ ᠪᠠᠢ᠌ᠨ᠎ᠠ᠂ ᠬᠠᠵᠠᠭᠤ ᠬᠠᠪᠢ ᠵᠢᠨ ᠵᠶ᠋ᠡᠨ ᠭᠠᠵᠠᠷ᠎ᠤᠨ ᠨᠡᠷᠡᠰ᠎ᠢ ᠠᠯᠳᠠᠷᠰᠢᠭᠤᠯᠤᠶ᠎ᠠ》 ᠭᠡᠬᠦ ᠰᠠᠨᠠᠭ᠋ᠠᠴᠢᠯᠠᠭ᠎ᠠ ᠵᠢᠨ ᠪᠢᠴᠢᠭ᠎ᠤᠨ ᠤᠬᠠᠭᠤᠯᠭ᠎ᠠ ᠵᠢᠨ ᠬᠠᠭᠤᠳᠠᠰᠤ ᠵᠢ 300 ᠭᠠᠷᠤᠢ ᠳᠠᠷᠤᠮᠠᠯᠯᠠᠨ ᠲᠠᠷᠬᠠᠭ᠋ᠠᠪᠠ᠃ ᠠᠵᠢᠯᠯᠠᠭ᠎ᠠ ᠵᠢᠨ ᠵᠣᠷᠢᠯᠭ᠎ᠠ᠎ᠨᠢ ᠭᠠᠵᠠᠷ᠎ᠤᠨ  ᠨᠡᠷᠡᠰ᠎ᠤᠨ ᠠᠵᠢᠯ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠᠬᠢ ᠢᠳᠡᠪᠬᠢᠲᠡᠢ ᠦᠢ᠍ᠯᠡᠳᠦᠯ᠎ᠢ ᠪᠠᠳᠠᠷᠠᠭᠤᠯᠵᠤ᠂ ᠣᠯᠠᠨ ᠲᠦᠮᠡᠨ᠎ᠤ 《ᠬᠥᠳᠡᠭᠡ ᠲᠣᠰᠬᠣᠨ᠎ᠢ ᠠᠯᠳᠠᠷᠰᠢᠭᠤᠯᠬᠤ ᠵᠢ ᠠᠵᠢᠯᠯᠠᠭ᠎ᠠ》 ᠵᠢ ᠮᠡᠳᠡᠷᠡᠬᠦ ᠬᠡᠮᠵᠢᠶ᠎ᠡ ᠪᠠ ᠤᠷᠮᠠᠳᠠᠢ ᠣᠷᠣᠯᠴᠠᠬᠤ ᠲᠡᠢ᠌ᠰᠢ ᠲᠠᠢ᠌ᠴᠢᠯᠠᠵᠤ᠂ ᠲᠡᠳᠡᠨ᠎ᠤ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠰᠠᠢ᠌ᠨ ᠰᠠᠢ᠌ᠬᠠᠨ ᠨᠡᠢ᠌ᠭᠡᠮ᠎ᠤᠨ ᠦᠷ᠎ᠡ ᠪᠦᠲᠦᠮᠵᠢ ᠣᠯᠬᠤ ᠵᠢᠨ ᠲᠥᠯᠥᠭᠡ ᠶᠤᠮ᠃


ᠨᠡᠢ᠌ᠭᠡᠮ᠎ᠤᠨ ᠶᠠᠪᠤᠳᠠᠯ


   ᠬᠥᠬᠡᠬᠣᠲᠠ ᠵᠢᠨ ᠣᠷᠣᠰᠢᠭᠤᠯᠭ᠎ᠠ ᠵᠢᠨ ᠭᠠᠵᠠᠷ᠎ᠤᠨ᠎ᠬᠢᠨ ᠤᠷᠴᠢᠮ᠎ᠳᠤ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠰᠢᠯᠢᠳᠡᠭᠵᠢᠭᠦᠯᠵᠦ᠂ ᠢᠯᠡ ᠲᠣᠳᠣ ᠪᠠ ᠳᠦᠷᠢᠮᠵᠢᠯᠲᠦ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠲᠡᠷᠭᠡ ᠬᠥᠰᠬᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠲᠡᠷᠭᠡ ᠬᠥᠰᠬᠡ ᠵᠢᠨ ᠲᠡᠮᠳᠡᠭ᠎ᠢ ᠵᠢᠷᠤᠮᠵᠢᠭᠤᠯᠵᠤ᠂ ᠴᠢᠨᠳᠠᠷ ᠲᠤᠰᠴᠤ ᠵᠥᠭᠡᠭᠡᠪᠦᠷᠢᠯᠡᠬᠦ ᠲᠡᠷᠭᠡ ᠬᠥᠰᠬᠡ ᠵᠢᠨ ᠳ᠋ᠤᠭ᠋ᠠᠷ᠎ᠢ ᠲᠡᠷᠬᠡᠨ ᠲᠡᠬᠡᠷ᠎ᠡ᠎ᠨᠢ ᠰᠢᠷ ᠵᠶ᠋ᠡᠷ ᠨᠢᠭᠡᠳᠦᠯᠲᠡᠢ ᠲᠠᠷᠤᠮᠠᠯᠯᠠᠬᠰᠠᠨ᠎ᠤ ᠬᠠᠮᠲᠤ 《96444》 24 ᠴᠠᠭ᠎ᠤᠨ ᠦᠢ᠍ᠯᠡᠴᠢᠯᠡᠭᠡᠨ᠎ᠤ ᠲᠤᠰᠬᠠᠢ ᠱᠤᠭᠤᠮ᠎ᠢ ᠳᠠᠷᠤᠮᠠᠯᠯᠠᠵᠠᠢ᠃ ᠲᠡᠷᠬᠡᠨ᠎ᠤ ᠳ᠋ᠤᠭ᠋ᠠᠷ᠎ᠢ ᠲᠡᠷᠭᠡ ᠬᠥᠰᠬᠡ ᠵᠢᠨ 《ᠪᠡᠶ᠎ᠡ ᠦᠨᠡᠮᠯᠡᠬᠦ》 ᠪᠤᠯᠭ᠋ᠠᠬᠰᠠᠨ ᠪᠤᠯᠬᠤᠷ ᠭᠡᠷ ᠪᠦᠯᠢ ᠪᠤᠯᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠲᠦᠷᠭᠡᠨ ᠢᠯᠭ᠋ᠠᠨ ᠲᠠᠨᠢᠵᠤ ᠢᠯᠭ᠋ᠠᠬᠤ᠎ᠳᠤ ᠲᠥᠬᠥᠮ  ᠪᠤᠯᠭ᠋ᠠᠬᠰᠠᠨ ᠪᠦᠬᠡᠳ ᠤᠳᠠᠭ᠎ᠠ ᠪᠦᠷᠢ ᠵᠢᠨ ᠭᠥᠯᠢᠶᠡᠨ ᠠᠪᠴᠤ ᠲᠡᠭᠡᠭᠡᠪᠦᠷᠢᠯᠡᠬᠦ ᠦᠢ᠍ᠯᠡᠴᠢᠯᠡᠭᠡᠨ᠎ᠢ ᠡᠬᠢ ᠡᠬᠦᠰᠤᠯ᠎ᠠᠴᠠ᠎ᠨᠢ ᠪᠠᠢ᠌ᠴᠠᠭ᠋ᠠᠬᠤ᠂  ᠪᠣᠯᠪᠠᠰᠤᠨ ᠵᠢᠷᠤᠮᠵᠢᠯ᠎ᠲᠠᠢ ᠪᠠᠢ᠌ᠯᠭ᠋ᠠᠬᠤ ᠵᠢ ᠪᠠᠳᠤᠯᠠᠬᠤ ᠪᠤᠯᠤᠯ᠎ᠠ᠃
    ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠣᠷᠣᠭ ᠭᠡᠷ ᠪᠦᠯᠢ ᠵᠢᠨ ᠵᠢᠯᠤᠭᠤᠳᠤᠮᠵᠢ ᠵᠢᠨ ᠦᠢ᠍ᠯᠡᠴᠢᠯᠡᠭᠡ ᠵᠢ ᠥᠷᠨᠢᠭᠦᠯᠵᠦ᠂ ᠲᠤᠬᠠᠢ ᠵᠢᠨ ᠬᠥᠮᠥᠨ᠎ᠳᠤ ᠬᠠᠢ᠌ᠷ᠎ᠠ ᠰᠡᠳᠬᠢᠯᠭᠡ᠎ᠪᠠᠨ ᠨᠡᠪᠲᠡᠷᠡᠯᠴᠡᠬᠦ᠂ ᠬᠠᠷᠢᠴᠠᠭ᠎ᠠ᠎ᠪᠠᠨ ᠰᠡᠷᠭᠦᠭᠡᠬᠦ᠂  ᠵᠠᠭᠤᠷᠠᠯᠳᠤᠭ᠋ᠠᠨ᠎ᠢ ᠡᠶᠡᠳᠡᠭᠦᠯᠬᠦ ᠵᠡᠷᠭᠡ ᠣᠯᠠᠨ ᠡᠰᠢᠵᠢᠭᠰᠡᠨ ᠦᠢ᠍ᠯᠡᠴᠢᠯᠡᠭᠡ ᠵᠢ ᠬᠠᠩᠭ᠋ᠠᠵᠤ᠂ ᠣᠷᠣᠭ ᠭᠡᠷ ᠪᠦᠯᠢ ᠵᠢᠨ ᠵᠥᠷᠢᠴᠡᠯ᠎ᠢ ᠡᠬᠢ ᠡᠭᠦᠰᠦᠯ᠎ᠠᠴᠠ᠎ᠨᠢ ᠰᠡᠷᠬᠡᠢ᠌ᠯᠡᠵᠤ ᠪᠠᠢ᠌ᠨ᠎ᠠ᠃ ᠣᠳᠣᠬᠠᠨ᠎ᠳᠤ ᠤᠷᠳᠤᠰ ᠬᠣᠲᠠ᠎ᠳᠤ ᠣᠷᠣᠭ ᠭᠡᠷ ᠪᠦᠯᠢ ᠵᠢᠨ  ᠵᠢᠯᠤᠭᠤᠳᠤᠮᠵᠢ ᠵᠢᠨ ᠲᠠᠰᠤᠭ 12᠂ ᠥᠷᠲᠡᠭᠡ 35 ᠪᠠᠢ᠌ᠭᠤᠯᠵᠤ᠂ ᠲᠤᠰᠬᠠᠢ ᠪᠠ ᠲᠤᠰᠢᠶᠠᠯ ᠬᠠᠪᠰᠤᠷᠭ᠋ᠠᠭᠰᠠᠨ ᠣᠷᠣᠭ ᠭᠡᠷ ᠪᠦᠯᠢ ᠵᠢᠨ ᠵᠢᠯᠣᠭᠣᠳᠤᠭᠴᠢ ᠵᠢ 47 ᠤᠷᠢᠵᠤ᠂ 6125 ᠤᠳᠠᠭ᠎ᠠ ᠵᠢᠨ  ᠵᠢᠯᠤᠭᠤᠳᠤᠮᠵᠢ ᠬᠠᠩᠭ᠋ᠠᠵᠤ᠂ 1249 ᠬᠣᠣᠰ ᠣᠷᠣᠭ ᠰᠠᠯᠬᠤ᠎ᠠᠴᠠ ᠲᠠᠢ᠌ᠪᠤᠰᠢᠷᠠᠭᠤᠯᠬᠤ ᠬᠤᠭᠤᠴᠠᠭ᠋ᠠᠨ᠎ᠳᠤ ᠵᠢᠯᠣᠭᠣᠳᠤᠯᠭ᠎ᠠ ᠬᠦᠯᠢᠶᠡᠵᠦ᠂ 591 ᠬᠣᠣᠰ᠎ᠨᠢ ᠡᠶᠡᠳᠡᠭᠦᠯᠦᠭᠰᠡᠨ᠎ᠤ ᠳᠠᠷᠠᠭ᠎ᠠ ᠣᠷᠣᠭ ᠰᠠᠯᠬᠤ ᠬᠡᠰᠡᠨ ᠭᠤᠶᠤᠴᠢᠯᠠᠯ ᠵᠶ᠋ᠡᠨ ᠬᠠᠶᠠᠵᠤ᠂ ᠵᠥᠷᠢᠴᠡᠯ᠎ᠢ ᠪᠦᠲᠦᠮᠵᠢᠲᠡᠶ ᠠᠷᠢᠯᠭ᠋ᠠᠨ᠂ ᠭᠡᠷ ᠪᠦᠯᠢ ᠵᠢᠨ ᠡᠶ᠎ᠡ ᠵᠣᠬᠢᠴᠠᠯ᠎ᠢ ᠬᠠᠮᠠᠭ᠋ᠠᠯᠠᠪᠠ᠃


  ᠨᠢᠬᠦᠯᠡᠰᠤᠡᠭᠭᠦᠢ ᠵᠢᠨ ᠦᠢ᠍ᠯᠡᠰ


   ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠢᠭᠦᠯᠡᠰᠦᠩᠭᠦᠢ ᠵᠢᠨ ᠡᠬᠢ ᠪᠠᠶᠠᠯᠢᠭ᠎ᠢ  ᠠᠷᠠᠳ᠎ᠤᠨ ᠠᠮᠢᠳᠤᠷᠠᠯ᠎ᠢ ᠪᠠᠲᠤᠯᠠᠬᠤ ᠲᠡᠢ᠌ᠰᠢ ᠢᠳᠡᠪᠬᠢᠳᠡᠢ᠎ᠪᠠᠷ ᠵᠢᠯᠤᠭᠤᠳᠪᠠ᠃ 5 ᠳ᠋ᠤᠭ᠋ᠠᠷ ᠰᠠᠷ᠎ᠠ᠎ᠳᠤ ᠠᠤᠬᠠᠨ ᠬᠣᠰᠢᠭᠤᠨ᠎ᠤ ᠬᠠᠯᠠᠭᠤᠨ ᠷᠠᠰᠢᠶᠠᠨ᠎ᠤ ᠬᠢᠲᠠᠳ ᠮᠣᠩᠭᠣᠯ ᠡᠮᠨᠡᠯᠭᠡ ᠵᠢᠨ ᠬᠣᠷᠢᠶ᠎ᠠ ᠵᠢᠨ 《ᠬᠦᠨᠳᠦ ᠡᠪᠡᠳᠴᠢᠳᠠᠨ᠎ᠢ ᠲᠤᠰᠠᠯᠠᠬᠤ ᠲᠥᠷᠥᠯ ᠵᠦᠢ᠍ᠯ》᠎ᠤᠨ᠎ᠬᠢᠨ᠎ᠤ ᠴᠤᠭᠯᠠᠭᠤᠯᠤᠭᠰᠠᠨ ᠨᠢᠬᠦᠯᠡᠰᠤᠡᠭᠭᠢ ᠵᠢᠨ ᠮᠥᠩᠭᠥ 5.7 ᠲᠦᠮᠡᠨ ᠲᠥᠭᠥᠷᠢᠭ᠎ᠢ ᠳᠠᠪᠠᠵᠤ᠂ ᠲᠣᠰ ᠡᠮᠨᠡᠯᠭᠡ ᠵᠢᠨ ᠬᠣᠷᠢᠶ᠎ᠠ ᠵᠢᠨ ᠬᠦᠨᠳᠦ ᠡᠪᠡᠳᠴᠢᠲᠡᠨ᠎ᠢ ᠬᠠᠨᠳᠤᠯᠭ᠎ᠠ᠎ᠲᠠᠢ᠎ᠪᠠᠷ ᠲᠤᠰᠠᠯᠠᠪᠠ᠃ ᠡᠬᠡᠴᠦᠦᠯ᠎ᠤᠨ ᠪᠠᠶᠠᠷ᠎ᠤᠨ ᠬᠤᠭᠤᠴᠠᠭ᠋ᠠᠨ᠎ᠳᠤ 7  ᠶᠠᠳᠠᠭᠤ ᠬᠦᠴᠢᠷᠳᠡᠯᠲᠡᠢ ᠡᠬᠡᠴᠦᠦᠯ᠎ᠲᠠᠢ ᠭᠡᠷ ᠪᠦᠯᠢ᠎ᠪᠠᠷ ᠬᠦᠷᠴᠦ᠂ 1295 ᠲᠥᠭᠥᠷᠢᠭ᠎ᠤᠨ ᠥᠷᠲᠡᠭ ᠪᠦᠬᠦᠢ ᠠᠮᠢᠳᠤᠷᠠᠯ᠎ᠤᠨ ᠡᠳ᠋ ᠪᠣᠳᠠᠰ ᠲᠦᠭᠡᠭᠡᠪᠡ᠃ ᠳᠤᠮᠳᠠᠳᠤ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠡᠮ᠎ᠤᠨ ᠵᠦᠢ᠍ᠯ᠎ᠤᠨ ᠲᠤᠰᠠᠯᠠᠮᠵᠢ ᠵᠢᠨ ᠲᠥᠷᠥᠯ ᠵᠦᠢ᠍ᠯ᠎ᠢ ᠪᠠᠢ᠌ᠩᠭᠤᠵᠢᠭᠤᠯᠤᠨ ᠠᠬᠢᠭᠤᠯᠵᠤ᠂ 《ᠭᠧᠯᠸᠸᠢ》 《ᠳ᠋ᠠᠰᠢᠨ᠋ᠸ》 《ᠢ ᠷᠦᠢ ᠱᠠ》 ᠵᠡᠷᠭᠡ ᠡᠮ᠎ᠤᠨ ᠵᠦᠢ᠍ᠯ᠎ᠢ 52 ᠬᠠᠢ᠌ᠷᠴᠠᠭ (60.5 ᠲᠦᠮᠡᠨ ᠲᠥᠭᠥᠷᠢᠭ᠎ᠤᠨ ᠥᠷᠲᠡᠭ ᠪᠦᠬᠦᠢ) ᠲᠠᠷᠬᠠᠭ᠋ᠠᠵᠤ᠂ ᠣᠯᠠᠨ ᠲᠦᠮᠡᠨ᠎ᠳᠤ 34 ᠤᠳᠠᠭ᠎ᠠ ᠠᠰᠢᠭ ᠬᠦᠷᠲᠡᠭᠡᠪᠡ᠃
 
ᠣᠷᠣᠨ᠎ᠤ ᠭᠠᠳᠠᠨᠠᠬᠢ ᠮᠡᠳᠡᠭᠡ ᠵᠠᠩᠭᠢ
   
    ᠬᠥᠬᠡᠨᠠᠭᠤᠷ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠂ ᠬᠦᠬᠡᠨᠠᠭᠤᠷ ᠮᠤᠵᠢ ᠵᠢᠨ ᠡᠳ᠋᠎ᠤᠨ ᠵᠠᠰᠠᠭ᠎ᠤᠨ ᠲᠢᠩᠬᠢᠮ᠎ᠤᠨ᠎ᠬᠢᠨ ᠤᠷᠴᠢᠮ᠎ᠳᠤ ᠬᠠᠮᠲᠤᠷᠠᠨ 《ᠬᠥᠬᠡᠨᠠᠭᠤᠷ ᠮᠤᠵᠢ ᠵᠢᠨ ᠠᠮᠢ ᠠᠬᠤᠢ ᠵᠢᠨ ᠠᠷᠠᠳ᠎ᠲᠤ ᠠᠰᠢᠭ ᠬᠦᠷᠲᠡᠭᠡᠬᠦ ᠣᠷᠣᠰᠢᠭᠤᠯᠭ᠎ᠠ ᠵᠢᠨ ᠲᠤᠬᠠᠢ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠬᠠᠮᠤᠷᠬᠤ ᠬᠡᠪᠴᠢᠶ᠎ᠡ ᠵᠢ ᠤᠯᠠᠮ ᠥᠷᠭᠡᠳᠬᠡᠨ᠂ ᠬᠠᠰᠤᠵᠤ ᠬᠡᠯᠲᠦᠷᠢᠭᠦᠯᠬᠦ ᠵᠦᠢ᠍ᠯᠡᠰ᠎ᠢ ᠨᠡᠮᠡᠭᠳᠡᠭᠦᠯᠵᠦ᠂ ᠠᠮᠢ ᠠᠬᠤᠢ ᠵᠢᠨ ᠣᠷᠣᠰᠢᠭᠤᠯᠭ᠎ᠠ ᠵᠢ ᠵᠢᠷᠤᠮᠵᠢᠭᠤᠯᠤᠨ᠂ ᠬᠡᠷᠡᠭ ᠭᠦᠢ᠍ᠴᠡᠳᠬᠡᠬᠦ ᠶᠠᠪᠤᠴᠠ ᠵᠢ ᠳᠥᠭᠥᠮᠴᠢᠯᠡᠵᠦ᠂ 《ᠨᠠᠰᠤ ᠪᠠᠷᠠᠬᠤ᠂  ᠪᠡᠯᠪᠡᠰᠤᠷᠠᠬᠦ᠂ ᠣᠷᠣᠰᠢᠭᠤᠯᠬᠤ᠂ ᠳᠠᠬᠢᠬᠤ》 ᠵᠡᠷᠭᠡ ᠡᠯ᠎ᠡ ᠵᠠᠩᠭᠢᠯᠠᠭ᠎ᠠ᠎ᠠᠴᠠ ᠣᠯᠠᠨ ᠲᠦᠮᠡᠨ᠎ᠤ ᠬᠣᠢ᠌ᠰᠢᠳᠠ ᠵᠢᠨ ᠤᠴᠢᠷ ᠶᠠᠪᠤᠳᠠᠯ᠎ᠢ ᠪᠠᠲᠤ ᠡᠵᠡᠮᠳᠡᠬᠦ ᠪᠤᠯᠤᠨ᠎ᠠ᠃ ᠬᠡᠷᠡᠭᠵᠢᠭᠦᠯᠬᠦ ᠠᠷᠭ᠎ᠠ ᠵᠢ 2025 ᠣᠨ᠎ᠤ 7 ᠳ᠋ᠣᠭ᠋ᠠᠷ ᠰᠠᠷ᠎ᠠ ᠵᠢᠨ 5᠎ᠤ ᠡᠳᠦᠷ᠎ᠠᠴᠠ ᠬᠡᠷᠡᠭᠵᠢᠭᠦᠯᠦᠨ᠎ᠡ᠃


 


 




    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
ᠯᠢ ᠺᠸ ᠴᠢᠶᠠᠩ ᠰᠢᠩᠭ᠋ᠠᠫᠤᠷ᠎ᠲᠤ ᠠᠢ᠌ᠯᠴᠢᠯᠠᠬᠤ ᠵᠢᠨ ᠳᠠᠭ᠋ᠠᠤ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠤᠳᠤᠷᠢᠳᠬᠤ ᠬᠦᠮᠦᠰ᠎ᠤᠨ ᠰᠢᠷᠢᠰ ᠬᠤᠷᠠᠯ᠎ᠳᠤ ᠤᠷᠤᠯᠴᠠᠬᠤ᠎ᠪᠠᠷ ᠪᠡᠭᠡᠵᠢᠩ᠎ᠠᠴᠠ ᠮᠤᠷᠳᠠᠪᠠ
 
            