ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
ᠨᠡᠶᠢᠲᠡᠯᠡᠭᠰᠡᠨ ᠴᠠᠭ᠄ 2025-06-25

ᠴᠢᠬᠤᠯᠠ ᠮᠡᠳᠡᠭᠡ


   ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ ᠤᠷᠴᠢᠮ᠎ᠳᠤ 2025 ᠣᠨ᠎ᠤ ᠲᠣᠭᠣᠷᠢᠨ ᠪᠠᠢ᠌ᠴᠠᠭ᠋ᠠᠬᠤ ᠠᠵᠢᠯ᠎ᠤᠨ ᠬᠤᠷᠠᠯ ᠪᠠ ᠭᠤᠷᠪᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ᠃ ᠬᠤᠷᠠᠯ  ᠲᠡᠬᠡᠷ᠎ᠡ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠪᠣᠯᠣᠨ ᠪᠥᠬᠥ ᠤᠯᠤᠰ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠤᠬᠠᠢ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠤᠷᠪᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠯᠲᠠ ᠵᠢ ᠳᠠᠶ᠋ᠢᠴᠢᠯᠠᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ᠂ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠬᠰᠠᠨ ᠪᠠᠢ᠌ᠨ᠎ᠠ᠃


  ᠶᠡᠷᠤᠡᠭᠭᠡᠢ᠌ᠯᠡᠭᠰᠡᠨ ᠠᠵᠢᠯ、


    ᠪᠤᠭᠤᠲᠤ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ 《ᠠᠶᠤᠯ ᠦᠬᠡᠢ ᠦᠢ᠍ᠯᠡᠳᠪᠦᠷᠢᠯᠡᠯ᠎ᠤᠨ ᠰᠠᠷ᠎ᠠ》 ᠪᠠ 《ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠰᠠᠷ᠎ᠠ》 ᠵᠢᠨ ᠬᠣᠣᠰ ᠠᠮᠤᠷ ᠲᠦᠪᠰᠢᠨ᠎ᠤ ᠰᠠᠷ᠎ᠠ ᠵᠢᠨ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠲᠤᠰᠬᠠᠢ ᠰᠡᠳᠦᠪᠲᠦ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠬᠤ᠎ᠪᠠᠷ ᠳᠠᠮᠵᠢᠭᠤᠯᠤᠨ᠂ ᠭᠠᠯ᠎ᠤᠨ ᠠᠶᠤᠯ᠎ᠢ ᠠᠷᠭ᠋ᠠᠴᠠᠭ᠋ᠠᠬᠤ ᠲᠤᠬᠠᠢ ᠪᠤᠳᠠᠳᠠᠢ ᠰᠣᠷᠢᠯᠲᠠ (ᠳᠠᠭᠤᠷᠢᠶᠠᠮᠠᠯ ᠭᠠᠯ᠎ᠤᠨ ᠭᠠᠮᠰᠢᠭ᠎ᠤᠨ ᠰᠡᠷᠡᠮᠵᠢ ᠵᠢᠨ ᠳᠣᠬᠢᠶ᠎ᠠ) ᠥᠷᠨᠢᠭᠦᠯᠵᠦ᠂ 《ᠣᠨᠣᠯ + ᠠᠬᠤᠢ ᠪᠠᠢ᠌ᠳᠠᠯ + ᠪᠤᠳᠠᠳᠠᠢ ᠰᠤᠷᠢᠯᠳᠠ》᠎ᠤᠨ ᠵᠠᠭᠪᠤᠷ ᠵᠶ᠋ᠠᠷ ᠪᠥᠬᠥ ᠠᠵᠢᠯᠲᠠᠨ᠎ᠤ ᠪᠠᠴᠢᠮ ᠎ᠢ  ᠠᠷᠭ᠋ᠠᠴᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠪᠥᠬᠥ ᠠᠵᠢᠯᠲᠠᠨ᠎ᠤ ᠠᠮᠤᠷ ᠲᠦᠪᠰᠢᠨ᠎ᠤ ᠰᠡᠷᠭᠡᠢ᠌ᠯᠡᠨ ᠡᠵᠡᠮᠳᠡᠬᠦ ᠪᠠᠢ᠌ᠷᠢᠰᠢᠯ᠎ᠢ ᠪᠣᠶ ᠪᠣᠯᠭ᠋ᠠᠵᠤ᠂  ᠠᠶᠤᠯ ᠦᠬᠡᠢ ᠵᠢᠨ ᠲᠤᠬᠠᠢ ᠤᠢ᠌ᠯᠠᠭ᠋ᠠᠬᠳᠠᠬᠤᠨ᠎ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠤᠨ᠂ ᠠᠵᠢᠯᠯᠠᠭ᠎ᠠ ᠪᠣᠯᠭ᠋ᠠᠬᠤ ᠵᠢ ᠠᠬᠢᠭᠤᠯᠤᠯ᠎ᠠ᠃


ᠨᠡᠢ᠌ᠭᠡᠮ᠎ᠤᠨ ᠶᠠᠪᠤᠳᠠᠯ


    ᠲᠦᠩᠯᠢᠶᠣᠣ ᠬᠣᠲᠠ ᠵᠢᠨ  ᠲᠤᠰᠠᠯᠠᠮᠵᠢ ᠵᠢᠨ ᠥᠷᠲᠡᠭᠡ ᠵᠢᠨ᠎ᠬᠢᠨ ᠤᠷᠴᠢᠮ᠎ᠳᠤ 《ᠲᠤᠰᠠᠯᠠᠮᠵᠢ ᠵᠢᠨ ᠲᠤᠤᠷᠵᠢᠯ᠎ᠢ ᠨᠢᠭᠲᠠ ᠰᠦᠯᠵᠢᠵᠦ᠂ ᠠᠶᠤᠯ ᠦᠬᠡᠢ ᠵᠢᠨ ᠬᠣᠷᠢᠭ᠎ᠠ ᠱᠤᠭᠤᠮ᠎ᠢ ᠪᠠᠲᠤ ᠪᠠᠶ᠋ᠢᠭᠤᠯᠬᠤ》 ᠭᠣᠣᠯ ᠰᠡᠳᠦᠪ᠎ᠤᠨ ᠲᠣᠭᠣᠷᠢᠨ᠎ᠳᠤ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ 《ᠨᠡᠭᠡᠭᠡᠯᠲᠡ ᠵᠢᠨ ᠡᠳᠦᠷ》᠎ᠤᠨ ᠠᠵᠢᠯᠯᠠᠭ᠎ᠠ ᠥᠷᠨᠢᠭᠦᠯᠵᠦ᠂ 《ᠵᠣᠨ᠎ᠤ ᠬᠠᠯᠠᠭᠤᠨ᠎ᠳᠤ ᠰᠡᠷᠢᠬᠦᠨ ᠲᠠᠭ᠋ᠠᠯᠠᠮᠵᠢᠳᠠᠢ ᠪᠠᠢ᠌ᠯᠭ᠋ᠠᠬᠤ》 ᠲᠤᠰᠬᠠᠢ  ᠲᠤᠰᠠᠯᠠᠮᠵᠢ ᠵᠢᠨ ᠠᠵᠢᠯᠯᠠᠭ᠎ᠠ ᠵᠢ ᠵᠡᠷᠬᠡ᠎ᠪᠠᠷ ᠡᠬᠢᠯᠡᠭᠦᠯᠪᠡ᠃ ᠠᠵᠢᠯᠲᠠᠳ ᠵᠡᠭᠡᠯᠢ ᠭᠤᠳᠤᠮᠵᠢ᠎ᠳᠤ ᠭᠦᠨᠵᠡᠭᠡᠢ᠌ᠷᠡᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂  1000 ᠭᠠᠷᠤᠢ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠵᠠᠢ᠃ ᠲᠦᠩᠯᠢᠶᠣᠣ ᠬᠣᠲᠠ ᠵᠢᠨ ᠲᠤᠰᠠᠯᠠᠮᠵᠢ ᠵᠢᠨ ᠥᠷᠲᠡᠭᠡ ᠵᠢᠨ᠎ᠬᠢᠨ ᠦᠨᠤ ᠵᠢᠯ 102 ᠤᠳᠠᠭ᠎ᠠ ᠲᠣᠭᠣᠷᠢᠨ ᠪᠠᠢ᠌ᠴᠠᠭ᠋ᠠᠵᠤ᠂  ᠲᠡᠨᠤᠬᠦᠴᠢᠯᠡᠨ ᠭᠤᠢ᠌ᠷᠠᠨᠴᠢᠯᠠᠬᠰᠠᠳ᠎ᠢ 100 ᠤᠳᠠᠭ᠎ᠠ ᠲᠤᠰᠠᠯᠠᠵᠤ᠂ ᠬᠦᠢ᠍ᠲᠡᠨ᠎ᠢ ᠬᠠᠮᠭ᠋ᠠᠯᠠᠬᠤ᠂  ᠨᠠᠷᠠᠰᠢᠬᠤ ᠵᠢ ᠰᠡᠷᠭᠡᠢ᠌ᠯᠡᠬᠦ ᠡᠳ᠋ ᠪᠣᠳᠠᠰ᠎ᠢ 620 ᠵᠦᠢ᠍ᠯ᠎ᠤᠨ  ᠲᠦᠭᠡᠭᠡᠪᠡ᠃
    2025 ᠤᠯᠠᠭ᠋ᠠᠨᠴᠠᠪ᠎ᠤᠨ ᠮᠠᠷᠠᠰᠤᠨ ᠨᠡᠶ᠋ᠢᠲᠡ ᠵᠢᠨ ᠠᠰᠠᠷᠠᠮᠵᠢ ᠵᠢᠨ ᠬᠠᠮᠲᠤ ᠵᠢᠨ ᠬᠤᠷᠢᠮ᠎ᠤᠨ ᠶᠣᠰᠣᠯᠠᠯ ᠤᠷᠴᠢᠮ᠎ᠳᠤ ᠤᠯᠠᠭ᠋ᠠᠨᠴᠠᠪ ᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ᠎ᠳᠤ ᠶᠠᠪᠤᠭᠳᠠᠪᠠ᠃ 9 ᠰᠢᠨ᠎ᠡ  ᠬᠤᠤᠰ ᠨᠢᠭᠡᠳᠦᠯᠲᠡᠢ ᠬᠤᠪᠴᠠᠰᠤ ᠡᠮᠦᠰᠴᠦ᠂ ᠡᠩᠭᠡᠷ ᠳᠡᠭᠡᠷ᠎ᠡ᠎ᠪᠠᠨ 《520》 《1314》 ᠨᠣᠮᠧᠷ ᠪᠦᠬᠦᠢ ᠫᠠᠢ᠌ᠰᠠ ᠨᠠᠭ᠋ᠠᠵᠤ᠂ ᠭᠦᠶᠦᠬᠦ᠎ᠪᠠᠷ ᠵᠠᠭᠤᠴᠢ ᠪᠣᠯᠭ᠋ᠠᠨ᠂ ᠲᠠᠩᠭ᠋ᠠᠷᠢᠭ᠎ᠤᠨ ᠭᠡᠷᠡᠴᠢ ᠪᠣᠯᠭ᠋ᠠᠵᠤ᠂ ᠣᠷᠣᠭ᠎ᠤᠨ ᠪᠢᠴᠢᠭ᠎ᠲᠤ ᠭᠠᠷ᠎ᠤᠨ ᠥᠰᠥᠭ ᠵᠢᠷᠤᠬᠤ᠂ ᠨᠢᠬᠡ ᠨᠢᠬᠡᠨ᠎ᠤ᠎ᠪᠠᠨ ᠬᠤᠨᠳᠠᠭ᠎ᠠ ᠎ᠠᠴᠠ ᠤᠤᠭᠤᠬᠤ᠂ ᠶᠤᠰᠤᠯᠠᠵᠤ ᠮᠦᠷᠬᠦᠬᠦ ᠵᠡᠷᠭᠡ ᠤᠯᠠᠮᠵᠢᠯᠠᠯᠲᠤ ᠶᠣᠰᠣᠯᠠᠯ᠎ᠢ ᠲᠠᠰ ᠳᠠᠷᠠᠭ᠋ᠠᠯᠠᠨ ᠭᠦᠢ᠍ᠴᠡᠳᠬᠡᠪᠡ᠃ ᠡᠨᠡ ᠬᠦ᠌ ᠠᠵᠢᠯᠯᠠᠭ᠎ᠠ᠎ᠨᠢ ᠳᠥᠭᠥᠮ ᠬᠢᠯᠪᠠᠷ᠂ ᠪᠣᠯᠪᠠᠰᠤᠨ᠂ ᠡᠷᠡᠭᠦᠯ ᠰᠠᠷᠠᠭᠤᠯ  ᠤᠷᠤᠭ᠎ᠤᠨ ᠵᠠᠡᠭᠰᠢᠯ᠎ᠢ ᠨᠡᠢ᠌ᠬᠡᠮ ᠲᠠᠶᠠᠭ᠋ᠠᠷ᠎ᠲᠤ   ᠤᠯᠠᠮᠵᠢᠯᠠᠵᠤ᠂  ᠵᠠᠡᠭ ᠵᠠᠡᠭᠰᠢᠯ᠎ᠢ ᠥᠭᠡᠷᠡᠴᠢᠯᠡᠬᠦ ᠶᠠᠪᠤᠳᠠᠯ᠎ᠢ ᠠᠬᠢᠭᠤᠯᠤᠬᠰᠠᠨ ᠪᠦᠬᠡᠳ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢᠨ ᠠᠮᠢᠳᠤᠯᠢᠭ ᠦᠢ᠍ᠯᠡᠳᠦᠯᠭᠡ ᠪᠣᠯᠤᠭᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


   ᠰᠢᠯᠢ ᠵᠢᠨ ᠭᠣᠣᠯ ᠠᠢ᠌ᠮᠠᠭ᠎ᠤᠨ ᠣᠯᠠᠨ ᠭᠠᠵᠠᠷ᠎ᠤᠨ᠎ᠬᠢᠨ ᠤᠷᠴᠢᠮ᠎ᠳᠤ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠰᠡᠷᠭᠡᠢ᠌ᠯᠡᠬᠦ ᠪᠠ ᠮᠡᠬᠡᠯᠡᠬᠦ ᠵᠢ ᠰᠡᠷᠭᠡᠢ᠌ᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ ᠲᠣᠭᠣᠷᠢᠭ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠠᠭᠤᠳᠠᠮ ᠲᠠᠯᠠᠪᠠᠶ᠎ᠳᠤ ᠭᠦᠨᠵᠡᠭᠡᠢ᠌ᠷᠡᠨ᠂ ᠠᠰᠠᠭᠤᠨ ᠯᠠᠪᠯᠠᠬᠤ ᠲᠠᠪᠴᠠᠩ ᠭᠠᠷᠭ᠋ᠠᠬᠤ᠂ ᠬᠥᠨᠳᠡᠯᠡᠨ ᠪᠢᠴᠢᠭᠡᠰᠦ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠬᠡ ᠠᠷᠭ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠪᠤᠰᠤ᠎ᠪᠠᠷ ᠪᠡᠯᠡ ᠴᠤᠭᠯᠠᠭᠤᠯᠤᠭᠰᠠᠨ ᠨᠡᠢ᠌ᠲᠡᠯᠢᠭ ᠬᠡᠷᠡᠭ ᠪᠠ ᠬᠣᠣᠷ ᠬᠥᠨᠥᠭᠡᠯ᠎ᠢ ᠳᠡᠯᠭᠡᠨ ᠦᠵᠡᠭᠦᠯᠵᠦ᠂ ᠲᠤᠬᠠᠢ ᠵᠢᠨ ᠲᠠᠯᠠᠪᠤᠷ᠎ᠲᠤ ᠮᠡᠬᠡᠯᠡᠯ᠎ᠢ ᠰᠡᠷᠭᠡᠢ᠌ᠯᠡᠬᠦ ᠮᠡᠳᠡᠯᠭᠡ ᠵᠢ  ᠲᠦᠬᠡᠮᠡᠯᠵᠢᠬᠦᠯᠦᠭᠰᠡᠨ᠎ᠤ ᠬᠠᠮᠲᠤ ᠣᠯᠠᠨ ᠲᠦᠮᠡᠨ᠎ᠤ ᠮᠠᠳᠠᠭ᠎ᠲᠠᠢ ᠠᠰᠠᠭᠤᠳᠠᠯ᠎ᠳᠤ ᠬᠠᠷᠢᠭᠤᠯᠲᠠ ᠥᠭᠪᠡ᠃ ᠠᠵᠢᠯᠯᠠᠭ᠎ᠠ᠎ᠳᠤ  800 ᠭᠠᠷᠤᠢ ᠤᠬᠠᠭᠤᠯᠭ᠎ᠠ ᠵᠢᠨ ᠭᠠᠷ ᠳᠡᠪᠲᠡᠷ᠎ᠢ ᠲᠠᠷᠬᠠᠭ᠋ᠠᠵᠤ᠂ ᠣᠯᠠᠨ ᠲᠦᠮᠡᠨ᠎ᠳᠤ 1000 ᠭᠠᠷᠤᠢ ᠤᠳᠠᠭ᠎ᠠ ᠠᠰᠢᠭ ᠬᠦᠷᠲᠡᠭᠡᠵᠦ᠂ ᠨᠠᠰᠤᠲᠠᠢ᠌ᠴᠤᠳ᠎ᠤᠨ ᠠᠶᠤᠯ ᠲᠦᠭᠰᠢᠭᠦᠷᠢ ᠵᠢ ᠰᠡᠷᠭᠡᠢ᠌ᠯᠡᠬᠦ ᠤᠬᠠᠮᠰᠠᠷ᠎ᠢ ᠴᠢᠩᠭ᠋ᠠᠳᠬᠠᠵᠤ᠂ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠪᠠ᠃



   


   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠯᠢ ᠺᠸ ᠴᠢᠶᠠᠩ ᠰᠢᠩᠭ᠋ᠠᠫᠤᠷ᠎ᠲᠤ ᠠᠢ᠌ᠯᠴᠢᠯᠠᠬᠤ ᠵᠢᠨ ᠳᠠᠭ᠋ᠠᠤ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠤᠳᠤᠷᠢᠳᠬᠤ ᠬᠦᠮᠦᠰ᠎ᠤᠨ ᠰᠢᠷᠢᠰ ᠬᠤᠷᠠᠯ᠎ᠳᠤ ᠤᠷᠤᠯᠴᠠᠬᠤ᠎ᠪᠠᠷ ᠪᠡᠭᠡᠵᠢᠩ᠎ᠠᠴᠠ ᠮᠤᠷᠳᠠᠪᠠ
ᠯᠢ ᠺᠸ ᠴᠢᠶᠠᠩ᠄ ᠵᠠᠰᠠᠭ᠎ᠤᠨ ᠤᠷᠳᠤᠨ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠦᠷᠭᠡᠨ ᠰᠢᠢ᠍ᠳᠪᠤᠷᠢᠯᠡᠬᠦ ᠭᠡᠷᠡᠭᠳᠡᠢ ᠭᠡᠪᠡ
11 ᠳ᠋ᠤᠭᠡᠷ ᠰᠠᠷ᠎ᠠ ᠵᠢᠨ 9᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠭᠤᠷᠪᠠᠨ ᠵᠦᠢ᠍ᠯ᠎ᠤᠨ ᠤᠴᠢᠷ ᠶᠠᠪᠤᠳᠠᠯ᠎ᠢ ᠶᠠᠷᠢᠯᠴᠠᠨ ᠳᠤᠭᠳᠠᠪᠠ
ᠯᠢ ᠺᠸ ᠴᠢᠶᠠᠩ ᠶᠠᠭᠤᠨ᠎ᠳᠤ ᠠ᠋ᠨᠡ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠳᠠᠨ᠎ᠢ ᠵᠦᠩ ᠨᠠᠨ ᠬᠠᠢ᠎ᠳᠤ ᠤᠷᠢᠭᠰᠠᠨ ᠪᠤᠢ?
ᠯᠢᠦ ᠠ᠋ᠾᠸ ᠠᠮᠸᠷᠢᠺᠠ ᠵᠢᠨ ᠤᠤᠯ᠎ᠤᠨ ᠳᠦᠷᠦ ᠵᠢᠨ ᠶᠠᠪᠤᠳᠠᠯ᠎ᠤᠨ ᠰᠠᠢ᠌ᠳ ᠵᠢᠰᠢᠨᠭᠸ᠎ᠲᠠᠢ ᠠᠭᠤᠯᠵᠠᠪᠠ
 
            