ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.20
ᠨᠡᠶᠢᠲᠡᠯᠡᠭᠰᠡᠨ ᠴᠠᠭ᠄ 2025-06-24

ᠨᠠᠰᠤᠲᠠᠢ᠌ᠴᠤᠳ᠎ᠤᠨ ᠠᠵᠢᠯ


    ᠬᠥᠬᠡᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠳᠤᠭᠤᠢ᠌ᠯᠠᠩ᠎ᠤᠨ ᠠᠯᠪᠠᠨ ᠭᠡᠷ᠎ᠤᠨ᠎ᠬᠢᠨ ᠤᠷᠴᠢᠮ᠎ᠳᠤ ᠪᠥᠬᠥ ᠤᠯᠤᠰ᠎ᠤᠨ ᠵᠢᠱ᠌ᠢᠶ᠎ᠡ ᠦᠵᠡᠭᠦᠯᠬᠦ ᠴᠢᠨᠠᠷᠲᠠᠢ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ ᠲᠣᠭᠣᠷᠢᠭ᠎ᠢ ᠡᠬᠦᠳᠬᠦ 2025 — 2026 ᠣᠨ᠎ᠤ ᠠᠵᠢᠯ᠎ᠢ ᠡᠬᠢᠯᠡᠭᠦᠯᠪᠡ᠃ ᠡᠬᠦᠳᠬᠦ ᠭᠣᠣᠯ ᠴᠣᠭᠴᠠ᠎ᠨᠢ ᠬᠣᠲᠠ ᠬᠥᠳᠡᠭᠡ ᠵᠢᠨ ᠨᠡᠢ᠌ᠭᠡᠮ ᠲᠣᠭᠣᠷᠢᠭ ᠪᠦᠬᠡᠳ ᠰᠠᠭᠤᠭ᠋ᠠᠯᠢ ᠠᠷᠠᠳ᠎ᠤᠨ ᠵᠥᠪᠯᠡᠯ ᠪᠤᠶᠤ ᠲᠣᠰᠬᠣᠨ᠎ᠤ ᠠᠷᠠᠳ᠎ᠤᠨ ᠵᠥᠪᠯᠡᠯ᠎ᠤᠨ᠎ᠬᠢᠨ ᠬᠠᠷᠢᠭᠤᠴᠠᠨ ᠭᠤᠶᠤᠴᠢᠯᠠᠵᠤ ᠨᠢᠭᠡᠨᠲᠡ ᠴᠣᠯᠠ ᠣᠯᠣᠭᠰᠠᠨ ᠨᠡᠢ᠌ᠭᠡᠮ ᠲᠣᠭᠣᠷᠢᠭ᠎ᠨᠢ ᠳᠠᠭᠢᠵᠤ ᠣᠷᠣᠯᠴᠠᠬᠤ ᠦᠭᠡᠢ᠂ ᠬᠥᠳᠡᠭᠡ ᠲᠣᠰᠬᠣᠨ᠎ᠤ ᠨᠡᠢ᠌ᠭᠡᠮ ᠲᠣᠭᠣᠷᠢᠭ᠎ᠤᠨ ᠭᠤᠶᠤᠴᠢᠯᠠᠬᠤ ᠬᠠᠷᠢᠴᠠᠯ᠎ᠤᠨ ᠵᠠᠷᠴᠢᠮ᠎ᠢ 30%᠎ᠠᠴᠠ ᠪᠠᠭ᠎ᠠ ᠪᠠᠢ᠌ᠯᠭ᠋ᠠᠵᠤ ᠪᠣᠯᠬᠤ ᠦᠭᠡᠢ᠃ ᠲᠣᠰ ᠤᠳᠠᠭ᠋ᠠᠨ᠎ᠤ ᠡᠭᠦᠳᠦᠨ ᠪᠠᠢ᠌ᠭᠤᠯᠤᠯᠲᠠ ᠵᠢ 6 ᠳ᠋ᠤᠭ᠋ᠠᠷ ᠰᠠᠷ᠎ᠠ᠎ᠠᠴᠠ ᠡᠬᠢᠯᠡᠨ 2026 ᠣᠨ᠎ᠤ ᠡᠴᠦᠰ ᠪᠣᠯᠲᠠᠯ᠎ᠠ ᠵᠢᠷᠭᠤᠭ᠋ᠠᠨ ᠱᠠᠲᠤ ᠬᠤᠪᠢᠶᠠᠨ ᠠᠬᠢᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠢ ᠵᠢᠯᠣᠭᠣᠳᠤᠨ ᠨᠢᠭᠡᠳᠦᠯᠲᠡᠢ ᠲᠥᠯᠥᠪᠯᠡᠬᠦ ᠠᠵᠢᠯ᠎ᠢ ᠴᠢᠩᠭ᠋ᠠᠳᠬᠠᠵᠤ᠂  ᠶᠠᠪᠤᠴᠨ ᠵᠢ ᠵᠢᠷᠤᠮᠵᠢᠭᠤᠯᠤᠨ᠂ ᠬᠢᠨᠠᠯᠲᠠ ᠵᠢ ᠬᠦᠯᠢᠶᠡᠯᠭᠡᠵᠦ ᠨᠠᠰᠤᠲᠠᠢ᠌ᠴᠤᠳ᠎ᠲᠤ ᠦᠢ᠍ᠯᠡᠴᠢᠯᠡᠬᠦ ᠲᠦᠪᠰᠢᠨ᠎ᠢ ᠳᠡᠭᠡᠭᠰᠢᠯᠡᠭᠦᠯᠵᠦ᠂ ᠨᠠᠰᠤᠵᠢᠬᠤ ᠪᠠ ᠰᠠᠭᠤᠷᠢᠰᠢᠬᠤ᠎ᠳᠤ ᠲᠣᠬᠢᠷᠠᠮᠵᠢᠲᠠᠢ ᠨᠡᠢ᠌ᠭᠡᠮ ᠲᠣᠭᠣᠷᠢᠭ᠎ᠢ ᠪᠠᠶ᠋ᠢᠭᠤᠯᠬᠤ ᠵᠢᠨ ᠲᠥᠯᠥᠭᠡ ᠶᠤᠮ᠃
   2025 ᠣᠨ᠎ᠤ ᠪᠤᠭᠤᠲᠤ ᠬᠣᠲᠠ ᠵᠢᠨ ᠠᠩᠬᠠᠳᠤᠭ᠋ᠠᠷ ᠬᠤᠭᠤᠴᠠᠭ᠋ᠠᠨ᠎ᠤ 《ᠴᠤᠭ ᠵᠤᠯᠢ᠎ᠲᠠᠢ ᠪᠤᠭᠤᠷᠤᠯᠴᠤᠳ ᠰᠦᠷ ᠵᠢᠪᠬᠤᠭ᠎ᠠ ᠪᠠ ᠭᠠᠢ᠌ᠬᠠᠭᠤᠯᠤᠨᠠᠮ》 ᠬᠡᠬᠦ ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠦᠳᠡᠰᠢᠯᠡᠭᠡ ᠵᠢᠨ ᠰᠢᠷᠢᠰ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠶᠠᠪᠤᠭᠳᠠᠪᠠ᠂ ᠡᠨᠡ᠎ᠨᠢ 《ᠤᠮᠠᠷᠠᠲᠤ ᠬᠢᠯᠢ ᠵᠢᠨ ᠪᠤᠭᠤᠷᠤᠯᠴᠤᠳ — ᠪᠤᠭᠤᠳᠤ ᠬᠤᠳᠠ᠎ᠳᠠᠬᠢ ᠠᠶᠠᠯᠠᠯ 》 ᠬᠡᠬᠦ ᠣᠨ᠎ᠤ ᠭᠣᠣᠯᠳᠠᠯᠭ᠎ᠠ᠎ᠲᠠᠢ ᠭᠣᠣᠯ ᠰᠡᠳᠦᠪᠲᠦ ᠠᠵᠢᠯᠯᠠᠭ᠎ᠠ ᠡᠬᠢᠯᠡᠭᠰᠡᠨ᠎ᠢ ᠬᠠᠷᠠᠭᠤᠯᠵᠤ ᠪᠠᠢ᠌ᠨ᠎ᠠ᠃ ᠠᠵᠢᠯᠯᠠᠭ᠎ᠠ᠎ᠨᠢ ᠨᠠᠰᠤᠲᠠᠢ᠌ᠴᠤᠳ᠎ᠤᠨ ᠡᠷᠳᠡᠮ ᠴᠢᠳᠠᠪᠤᠷᠢ᠎ᠪᠠᠨ ᠦᠵᠡᠭᠦᠯᠬᠦ ᠪᠠ ᠨᠡᠢ᠌ᠭᠡᠮ᠎ᠤᠨ ᠣᠷᠣᠯᠴᠠᠬᠤ ᠲᠠᠪᠴᠠᠩ᠎ᠢ ᠣᠯᠠᠨ ᠡᠰᠢᠲᠦ ᠬᠡᠯᠪᠡᠷᠢ᠎ᠪᠠᠷ ᠪᠠᠢ᠌ᠭᠤᠯᠵᠤ 《ᠪᠤᠭᠤᠲᠤ ᠬᠣᠲᠠ ᠵᠢᠨ᠎ᠬᠢᠨ᠎ᠤ ᠰᠢᠨ᠎ᠡ ᠴᠠᠭ ᠦᠶ᠎ᠡ ᠵᠢᠨ 〈ᠪᠤᠭᠤᠷᠤᠯᠴᠤᠳ᠎ᠤᠨ ᠣᠨ᠎ᠤ ᠠᠵᠢᠯᠯᠠᠭ᠎ᠠ〉 ᠵᠢ ᠭᠦᠨᠵᠡᠭᠡᠢ ᠥᠷᠨᠢᠭᠦᠯᠬᠦ ᠬᠡᠷᠡᠭᠵᠢᠭᠦᠯᠬᠦ ᠲᠥᠰᠥᠯ》᠎ᠢ ᠨᠠᠢ᠌ᠳᠠᠪᠤᠷᠢᠵᠢᠭᠤᠯᠬᠤ ᠠᠵᠢᠯ᠎ᠢ ᠠᠬᠢᠭᠤᠯᠵᠤ᠂ 《  ᠪᠤᠭᠤᠷᠤᠯᠴᠤᠳ᠎ᠤᠨ ᠣᠶᠤᠨ ᠤᠬᠠᠭ᠋ᠠᠨ᠎ᠢ ᠬᠤᠷᠠᠮᠳᠤᠭᠤᠯᠤᠨ᠂ ᠠᠮᠢᠳᠤᠷᠠᠯ᠎ᠤᠨ ᠬᠡᠷᠡᠯ ᠭᠢᠯᠪᠠᠭ᠎ᠠ ᠵᠢ ᠰᠠᠴᠤᠷᠠᠭᠤᠯᠬᠤ》 ᠵᠣᠷᠢᠯᠲᠠ ᠵᠢ ᠦᠢ᠍ᠯᠡᠳᠦᠯᠭᠡᠵᠢᠭᠦᠯᠵᠦ᠂ ᠨᠠᠰᠤᠲᠠᠢ᠌ᠴᠤᠳ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ  ᠰᠢᠰᠲᠸᠮ᠎ᠤᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠪᠡ᠃
   
ᠬᠡᠦᠬᠡᠳ᠎ᠤᠨ ᠠᠰᠠᠷᠠᠮᠵᠢ
    
    ᠬᠥᠯᠥᠨ ᠪᠤᠢ᠍ᠢ᠍ᠷ ᠬᠤᠳᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ 《ᠰᠡᠳᠬᠢᠯ᠎ᠢ᠎ᠨᠢ ᠤᠮᠳᠠᠯᠠᠨ  ᠬᠡᠤᠬᠡᠳ᠎ᠤᠨ ᠦᠰᠤᠨ ᠪᠤᠢ᠌ᠵᠢᠯᠳᠠ ᠵᠢ ᠬᠠᠮᠠᠭ᠋ᠠᠯᠠᠬᠤ》 ᠭᠣᠣᠯ ᠰᠡᠳᠦᠪ᠎ᠤᠨ ᠲᠣᠭᠣᠷᠢᠨ᠎ᠳᠤ ᠰᠢᠷᠢᠰ ᠠᠵᠢᠯᠯᠠᠭ᠎ᠠ ᠥᠷᠨᠢᠭᠦᠯᠵᠡᠢ᠃  ᠬᠦᠯᠤᠨ ᠪᠤᠢ᠌ᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 《ᠬᠠᠯᠠᠮᠵᠢᠳᠤ ᠡᠵᠢ ᠵᠢᠨ ᠪᠦᠯᠬᠦᠮ》 ᠬᠠᠯᠠᠮᠵᠢᠯᠠᠬᠤ ᠠᠵᠢᠯᠯᠠᠭ᠎ᠠ ᠥᠷᠨᠢᠭᠦᠯᠵᠦ᠂ ᠬᠡᠦᠬᠡᠳ᠎ᠲᠤ ᠬᠠᠢ᠌ᠷ᠎ᠠ ᠬᠠᠯᠠᠮᠵᠢ ᠬᠦᠷᠲᠡᠭᠡᠪᠡ᠃ ᠡᠷᠭᠦᠨ᠎ᠡ ᠬᠤᠳᠠ ᠵᠢᠨ᠎ᠬᠢᠨ 《ᠤᠯᠠᠮᠵᠢᠯᠠᠯᠲᠤ ᠰᠣᠶᠣᠯ᠎ᠢ  ᠰᠤᠷᠤᠯᠴᠠᠬᠤ ᠠᠶᠠᠯᠠᠯ》᠎ᠢ ᠵᠣᠬᠢᠶᠠᠨ ᠪᠠᠢ᠌ᠭᠤᠯᠵᠤ᠂ ᠲᠡᠦᠬᠡ ᠵᠢᠨ ᠬᠥᠮᠦᠵᠢᠯ᠎ᠢ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠲᠠᠢ ᠭᠦᠨᠵᠡᠭᠡᠢ ᠠᠭᠤᠰᠤᠯᠴᠠᠭᠤᠯᠪᠠ᠃ ᠬᠠᠢ᠌ᠯᠠᠷ ᠲᠣᠭᠣᠷᠢᠭ᠎ᠤᠨ ᠬᠠᠮᠲᠤᠷᠠᠭᠰᠠᠨ ᠪᠠᠢ᠌ᠴᠠᠭ᠋ᠠᠬᠤ ᠬᠣᠷᠢᠶ᠎ᠠ ᠵᠢᠨ᠎ᠬᠢᠨ ᠨᠠᠰᠤᠨ᠎ᠳᠤ ᠦᠯᠤ ᠬᠥᠷᠦᠭᠰᠡᠳ᠎ᠢ ᠬᠠᠮᠠᠭ᠋ᠠᠯᠠᠬᠤ ᠬᠠᠤᠯᠢ ᠵᠢᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠬᠠᠤᠯᠢ᠎ᠪᠠᠷ ᠵᠠᠰᠠᠬᠤ ᠤᠬᠠᠮᠰᠠᠷ᠎ᠢ᠎ᠨᠢ ᠴᠢᠩᠭ᠋ᠠᠳᠬᠠᠪᠠ᠃ ᠰᠢᠷᠢᠰ ᠠᠵᠢᠯᠯᠠᠭ᠎ᠠ᠎ᠨᠢ ᠰᠣᠶᠣᠯ᠎ᠢ  ᠤᠯᠠᠮᠵᠢᠯᠠᠯ ᠵᠶ᠋ᠡᠷ ᠬᠣᠯᠪᠣᠭ᠋ᠠᠰᠤ ᠪᠣᠯᠭ᠋ᠠᠵᠤ᠂ ᠬᠠᠤᠯᠢ᠎ᠪᠠᠷ ᠵᠠᠰᠠᠬᠤ ᠬᠥᠮᠦᠵᠢᠯ ᠵᠶ᠋ᠡᠷ ᠪᠠᠷᠢᠮᠵᠢᠶ᠎ᠠ ᠪᠣᠯᠭ᠋ᠠᠵᠤ᠂ ᠤᠯᠠᠨ ᠡᠰᠢᠴᠢᠯᠡᠭᠰᠡᠨ ᠦᠢ᠍ᠯᠡᠳᠦᠯᠭᠡ᠎ᠪᠠᠷ ᠳᠠᠮᠵᠢᠭᠤᠯᠤᠨ ᠬᠡᠦᠬᠡᠳ᠎ᠤᠨ ᠲᠠᠨᠢᠨ ᠮᠡᠳᠡᠷᠡᠬᠦᠢ ᠪᠠ ᠬᠠᠷᠢᠶᠠᠯᠠᠭᠳᠠᠬᠤ ᠰᠡᠳᠬᠢᠯᠭᠡ ᠵᠢ ᠨᠡᠮᠡᠭᠳᠡᠭᠦᠯᠵᠦ᠂  ᠬᠡᠤᠬᠡᠳ᠎ᠤᠨ ᠡᠷᠡᠭᠦᠯ ᠵᠶ᠋ᠡᠷ ᠦᠰᠦᠨ ᠪᠤᠢ᠌ᠵᠢᠯᠳᠠ᠎ᠳᠤ ᠬᠦᠴᠦᠨ  ᠨᠡᠮᠡᠷᠢᠯᠡᠵᠤ ᠪᠠᠢ᠌ᠨ᠎ᠠ᠃


  ᠨᠢᠬᠦᠯᠡᠰᠤᠡᠭᠭᠦᠢ ᠵᠢᠨ ᠦᠢ᠍ᠯᠡᠰ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠵᠠᠭᠪᠤᠷ ᠵᠶ᠋ᠡᠨ ᠰᠢᠨᠡᠳᠬᠡᠵᠤ ᠤᠯᠠᠭ᠋ᠠᠨᠴᠠᠪ ᠬᠣᠲᠠ ᠵᠢᠨ ᠬᠡᠰᠡᠭ ᠨᠡᠶ᠋ᠢᠲᠡ ᠵᠢᠨ ᠮᠠᠰᠢᠨ ᠲᠡᠷᠭᠡᠨ᠎ᠤ ᠵᠠᠮ ᠵᠶ᠋ᠡᠷ 《ᠠᠰᠠᠷᠠᠮᠵᠢ ᠵᠢᠨ ᠱᠠᠡᠭᠨᠠᠯᠳᠤ ᠰᠣᠭᠤᠯᠤᠭ᠎ᠠ》 ᠨᠡᠶ᠋ᠢᠲᠡ ᠵᠢᠨ ᠠᠰᠠᠷᠠᠮᠵᠢ ᠵᠢᠨ ᠭᠣᠣᠯ ᠰᠡᠳᠦᠪᠲᠦ ᠨᠡᠶ᠋ᠢᠲᠡ ᠵᠢᠨ ᠮᠠᠰᠢᠨ ᠲᠡᠷᠭᠡ ᠵᠢ ᠭᠠᠷᠭ᠋ᠠᠪᠠ᠃ ᠲᠡᠷᠭᠡᠨ᠎ᠤ ᠭᠠᠳᠠᠷ ᠲᠠᠯ᠎ᠠ᠎ᠳᠤ 《ᠠᠰᠠᠷᠠᠮᠵᠢ ᠵᠢᠨ ᠱᠠᠡᠭᠨᠠᠯᠳᠤ ᠰᠣᠭᠤᠯᠤᠭ᠎ᠠ ᠲᠠᠯ᠎ᠠ ᠨᠤᠲᠤᠭ ᠤᠮᠠᠷᠠᠲᠤ ᠬᠢᠯᠢ ᠵᠢ ᠵᠢᠷᠤᠭᠯᠠᠬᠤ》᠎ᠪᠠᠷ ᠭᠣᠣᠯ ᠰᠡᠳᠦᠪ ᠪᠣᠯᠭ᠋ᠠᠵᠤ᠂ ᠠᠰᠠᠷᠠᠮᠵᠢ ᠵᠢᠨ ᠱᠠᠡᠭᠨᠠᠯᠳᠤ ᠰᠣᠭᠤᠯᠤᠭ᠎ᠠ LOGO ᠪᠠ IP ᠳᠦᠷᠢ ᠲᠥᠷᠬᠦ 《ᠲᠠᠤᠯᠠᠢ ᠥᠬᠢᠨ ᠳᠡᠭᠦᠦ》᠎ᠳᠤ ᠠᠭᠤᠰᠬᠠᠵᠤ᠂ ᠭᠣᠶᠣ ᠰᠠᠢ᠌ᠬᠠᠨ ᠥᠩᠭᠡ ᠠᠶᠠᠰ ᠵᠶ᠋ᠠᠷ ᠠᠮᠢᠳᠤᠯᠢᠭ ᠠᠭᠤᠷ ᠠᠮᠢᠰᠬᠤᠯ᠎ᠢ ᠪᠣᠶ ᠪᠣᠯᠭ᠋ᠠᠵᠤ᠂ ᠨᠡᠶ᠋ᠢᠲᠡ ᠵᠢᠨ ᠵᠠᠮ ᠬᠠᠷᠢᠯᠴᠠᠭ᠋ᠠᠨ᠎ᠤ 《ᠠᠷᠠᠳ᠎ᠲᠤ ᠲᠥᠬᠥᠮ ᠦᠵᠡᠭᠦᠯᠬᠦ ᠴᠤᠡᠭᠬᠤᠪᠴᠢ》 ᠵᠢ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠤᠬᠠᠭᠤᠯᠭ᠎ᠠ ᠵᠢᠨ 《ᠨᠡᠭᠦᠳᠡᠯ ᠬᠢᠴᠢᠶᠡᠯ᠎ᠤᠨ ᠲᠠᠩᠬᠢᠮ》᠂ ᠬᠣᠲᠠ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠵᠢᠨ ᠨᠡᠷ᠎ᠡ ᠵᠢᠨ ᠬᠠᠭᠤᠳᠠᠰᠤ ᠪᠣᠯᠭ᠋ᠠᠨ᠂ ᠨᠡᠶ᠋ᠢᠲᠡ ᠵᠢᠨ ᠠᠰᠠᠷᠠᠮᠵᠢ ᠵᠢᠨ ᠳᠦᠷᠢ ᠲᠥᠷᠬᠦ ᠵᠢ ᠪᠣᠰᠣᠭ᠎ᠠ ᠴᠣᠭᠴᠠ᠎ᠪᠠᠷ ᠦᠵᠡᠭᠦᠯᠵᠦ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


    ᠵᠢᠶᠠᠩᠰᠢ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ᠎ᠤ ᠲᠤᠷᠠᠳᠤᠯᠭ᠎ᠠ᠎ᠪᠠᠷ ᠨᠠᠨᠴᠠᠩ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠤᠷᠴᠢᠮ᠎ᠳᠤ 《ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠡᠦᠬᠡᠳ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠵᠢᠷᠤᠮᠵᠢᠯ》᠎ᠢ ᠲᠤᠬᠳᠠᠭ᠋ᠠᠵᠤ᠂ ᠵᠢᠶᠠᠩᠰᠢ ᠮᠤᠵᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠨᠡᠢ᠌ᠳᠡᠯᠡᠪᠡ᠂ 2025 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃ ᠬᠠᠮᠢᠶᠠᠷᠤᠯᠲᠠ ᠵᠢᠨ ᠵᠢᠷᠤᠮᠵᠢᠯ᠎ᠳᠤ ᠦᠨᠳᠦᠰᠦᠨ ᠵᠠᠷᠴᠢᠮ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠢᠭᠡᠳ ᠲᠠᠯᠠᠪᠤᠷ᠂ ᠲᠠᠩᠰᠠ ᠡᠪᠬᠡᠮᠡᠯ᠎ᠢ ᠲᠥᠷᠥᠯ ᠬᠤᠪᠢᠶᠠᠬᠤ᠂ ᠲᠠᠩᠰᠠ ᠡᠪᠬᠡᠮᠡᠯ᠎ᠢ ᠴᠤᠭᠯᠠᠭᠤᠯᠬᠤ᠂ ᠲᠠᠩᠰᠠ ᠡᠪᠬᠡᠮᠡᠯ᠎ᠳᠤ ᠣᠷᠣᠭᠤᠯᠬᠤ᠂ ᠲᠠᠩᠰᠠ ᠡᠪᠬᠡᠮᠡᠯ᠎ᠢ ᠠᠰᠢᠭᠯᠠᠬᠤ᠂ ᠲᠠᠩᠰᠠ ᠡᠪᠬᠡᠮᠡᠯ᠎ᠢ ᠲᠡᠪᠰᠢᠬᠦᠯᠬᠦ ᠂ ᠲᠠᠩᠰᠠ ᠡᠪᠬᠡᠮᠡᠯ᠎ᠢ ᠪᠦᠷᠢᠳᠬᠡᠬᠦ᠂ ᠲᠠᠩᠰᠠ ᠡᠪᠬᠡᠮᠡᠯ᠎ᠢ ᠮᠡᠳᠡᠭᠡ ᠵᠠᠩᠭᠢᠵᠢᠭᠤᠯᠬᠤ᠂ ᠬᠢᠨᠠᠵᠤ ᠰᠢᠯᠭ᠋ᠠᠬᠤ ᠵᠡᠷᠭᠡ 13 ᠲᠠᠯ᠎ᠠ᠎ᠠᠴᠠ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ᠎ᠤ ᠬᠡᠦᠬᠡᠳ᠎ᠤᠨ ᠲᠠᠩᠰᠠ ᠡᠪᠬᠡᠮᠡᠯ᠎ᠢ ᠵᠢᠷᠤᠮᠵᠢᠭᠤᠯᠤᠨ ᠬᠠᠮᠢᠶᠠᠷᠬᠤ ᠠᠭᠤᠯᠭ᠎ᠠ ᠵᠢ ᠴᠢᠬᠤᠯᠠᠴᠢᠯᠠᠬᠰᠠᠨ ᠪᠠᠢ᠌ᠨ᠎ᠠ᠃

 





     

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
ᠯᠢ ᠺᠸ ᠴᠢᠶᠠᠩ ᠰᠢᠩᠭ᠋ᠠᠫᠤᠷ᠎ᠲᠤ ᠠᠢ᠌ᠯᠴᠢᠯᠠᠬᠤ ᠵᠢᠨ ᠳᠠᠭ᠋ᠠᠤ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠤᠳᠤᠷᠢᠳᠬᠤ ᠬᠦᠮᠦᠰ᠎ᠤᠨ ᠰᠢᠷᠢᠰ ᠬᠤᠷᠠᠯ᠎ᠳᠤ ᠤᠷᠤᠯᠴᠠᠬᠤ᠎ᠪᠠᠷ ᠪᠡᠭᠡᠵᠢᠩ᠎ᠠᠴᠠ ᠮᠤᠷᠳᠠᠪᠠ
ᠯᠢ ᠺᠸ ᠴᠢᠶᠠᠩ᠄ ᠵᠠᠰᠠᠭ᠎ᠤᠨ ᠤᠷᠳᠤᠨ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠦᠷᠭᠡᠨ ᠰᠢᠢ᠍ᠳᠪᠤᠷᠢᠯᠡᠬᠦ ᠭᠡᠷᠡᠭᠳᠡᠢ ᠭᠡᠪᠡ
 
            