ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.23
ᠨᠡᠶᠢᠲᠡᠯᠡᠭᠰᠡᠨ ᠴᠠᠭ᠄ 2025-06-24

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠵᠢ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠬᠤᠷᠠᠯ ᠲᠡᠬᠡᠷ᠎ᠡ᠄ 《ᠪᠦᠬᠦ ᠣᠷᠣᠨ᠎ᠤ ᠡᠯ᠎ᠡ ᠱᠠᠲᠤᠨ᠎ᠤ ᠳᠠᠩᠰᠠᠯᠠᠬᠤ ᠬᠠᠮᠢᠶᠠᠷᠤᠯᠲᠠ ᠵᠢᠨ ᠪᠠᠢ᠌ᠭᠤᠯᠤᠯᠭ᠎ᠠ ᠵᠢᠨ᠎ᠬᠢᠨ ᠳᠠᠩᠰᠠᠯᠠᠬᠤ ᠦᠢ᠍ᠯᠡᠴᠢᠯᠡᠭᠡ᠎ᠪᠠᠨ ᠨᠠᠷᠢᠯᠢᠭᠵᠢᠭᠤᠯᠵᠤ ᠣᠷᠣᠬᠤ ᠪᠣᠭᠣᠮᠲᠠ ᠵᠢ ᠰᠠᠢ᠌ᠲᠤᠷ ᠰᠠᠬᠢᠬᠤ ᠬᠡᠷᠡᠭᠲᠡᠢ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠪᠠᠢ᠌ᠭᠤᠯᠤᠯ᠎ᠢ ᠲᠡᠭᠦᠯᠳᠡᠷᠵᠢᠭᠦᠯᠵᠦ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠵᠣᠬᠢᠴᠠᠭᠤᠯᠤᠨ ᠬᠠᠮᠵᠢᠯᠴᠠᠬᠤ᠂ ᠬᠠᠤᠯᠢ ᠶᠣᠰᠣᠭ᠋ᠠᠷ ᠬᠢᠨᠠᠨ ᠬᠠᠮᠢᠶᠠᠷᠬᠤ ᠪᠠᠢ᠌ᠷᠢᠰᠢᠯ᠎ᠢ ᠪᠤᠢ ᠪᠣᠯᠭ᠋ᠠᠨ᠎ᠠ᠃ ᠡᠳᠦᠷ ᠲᠤᠲᠤᠮ᠎ᠤᠨ ᠬᠠᠮᠢᠶᠠᠷᠤᠯᠲᠠ᠂ ᠲᠤᠰᠬᠠᠢ ᠵᠦᠢ᠍ᠯ᠎ᠤᠨ ᠪᠠᠢ᠌ᠴᠠᠭ᠋ᠠᠯᠲᠠ᠂ ᠭᠣᠣᠯᠳᠠᠯᠭ᠎ᠠ᠎ᠲᠠᠢ ᠬᠢᠨᠠᠨ ᠬᠠᠮᠢᠶᠠᠷᠤᠯᠲᠠ ᠪᠠ ᠬᠣᠯᠪᠤᠭ᠋ᠠᠯᠠᠨ ᠬᠢᠨᠠᠨ ᠬᠠᠮᠢᠶᠠᠷᠬᠤ ᠵᠢ ᠣᠷᠭ᠋ᠠᠨᠢᠭ ᠵᠶ᠋ᠠᠷ ᠠᠭᠤᠰᠤᠯᠴᠠᠭᠤᠯᠵᠤ ᠲᠣᠭ᠋ᠠᠴᠢᠯᠠᠭᠰᠠᠨ ᠮᠡᠷᠭᠡᠵᠢᠯ ᠵᠶ᠋ᠡᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠤᠭ᠋ᠠᠳ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠦᠷᠭᠦᠯᠵᠢᠯᠡᠨ ᠴᠣᠬᠢᠯᠲᠠ ᠥᠭᠴᠦ ᠴᠡᠭᠴᠡᠯᠡᠨ᠎ᠡ᠃  ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠢ ᠵᠢᠯᠤᠭᠣᠳᠴᠤ ᠪᠠᠢ᠌ᠭ᠋ᠠᠳ ᠲᠠᠷᠬᠠᠯᠲᠠ ᠥᠷᠭᠡᠨ᠂ ᠤᠯᠠᠨ ᠡᠰᠢᠵᠢᠭᠰᠡᠨ ᠲᠤᠰᠬᠠᠢ ᠮᠡᠷᠭᠡᠵᠢᠯ ᠪᠦᠬᠦᠢ᠂ ᠮᠡᠳᠡᠬᠡ ᠵᠠᠩᠭᠢ ᠰᠠᠭ᠋ᠠᠳ ᠦᠭᠡᠢ ᠨᠡᠪᠲᠡᠷᠡᠬᠦ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠴᠢᠨᠠᠭᠰᠢᠳᠠ ᠶᠡᠬᠡ ᠲᠠᠯ᠎ᠠ ᠪᠠ ᠦᠨᠳᠦᠰᠦᠨ ᠱᠠᠲᠤᠨ᠎ᠳᠤ ᠦᠢ᠍ᠯᠡᠴᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ  ᠤᠷᠤᠯᠴᠠᠭᠤᠯᠬᠤ ᠪᠤᠯᠤᠨ᠎ᠠ᠃


ᠨᠡᠢ᠌ᠭᠡᠮ᠎ᠤᠨ ᠶᠠᠪᠤᠳᠠᠯ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠶᠣᠨ ᠎ᠤ ᠰᠠᠭ᠋ᠠᠳ᠎ᠲᠠᠢ ᠡᠪᠡᠳᠴᠢᠲᠡᠨ᠎ᠢ ᠬᠠᠯᠠᠮᠵᠢᠯᠠᠨ ᠲᠡᠳᠬᠦᠬᠦ ᠠᠵᠢᠯ᠎ᠢ ᠤᠯᠠᠮ ᠰᠠᠢ᠌ᠲᠤᠷ ᠬᠢᠬᠦ ᠵᠢᠨ ᠲᠥᠯᠥᠭᠡ 《ᠤᠶᠤᠨ᠎ᠤ ᠰᠠᠭ᠋ᠠᠳ᠎ᠨᠢ ᠡᠷᠡᠬᠦᠯᠵᠢᠭᠰᠡᠳ᠎ᠢ ᠨᠡᠢ᠌ᠬᠡᠮ᠎ᠳᠤ ᠠᠭᠤᠰᠤᠯᠴᠠᠭᠤᠯᠬᠤ ᠠᠵᠢᠯᠯᠠᠭ᠎ᠠ》 ᠵᠢ ᠯᠠᠪᠳᠠᠭᠤᠨ ᠠᠬᠢᠭᠤᠯᠵᠤ ᠡᠷᠡᠬᠦᠯᠵᠢᠭᠰᠡᠳ᠎ᠤᠨ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠨᠡᠢ᠌ᠭᠡᠮ᠎ᠳᠤ ᠪᠤᠴᠠᠬᠤ᠎ᠳᠤ ᠬᠦᠴᠦ ᠨᠡᠮᠡᠷᠢᠯᠡᠪᠡ᠃ 2025 ᠣᠨ᠎ᠠᠴᠠ ᠨᠠᠭ᠋ᠠᠰᠢ ᠪᠥᠬᠥ ᠠᠢ᠌ᠮᠠᠭ᠎ᠤᠨ᠎ᠬᠢᠨ ᠣᠶᠤᠨ ᠎ᠤ ᠰᠠᠭ᠋ᠠᠳ᠎ᠲᠠᠢ ᠬᠦᠮᠦᠰ ᠪᠠᠢ᠌ᠭ᠎ᠠ ᠨᠡᠢ᠌ᠭᠡᠮ ᠲᠣᠭᠣᠷᠢᠭ᠎ᠤᠨ ᠡᠷᠡᠭᠦᠯᠵᠢᠯ᠎ᠤᠨ ᠦᠢ᠍ᠯᠡᠴᠢᠯᠡᠭᠡ ᠵᠢ ᠨᠡᠶ᠋ᠢᠲᠡ 20 ᠭᠠᠷᠤᠢ   ᠤᠳᠠᠭ᠎ᠠ ᠥᠷᠨᠢᠭᠦᠯᠵᠦ᠂ ᠡᠷᠡᠭᠦᠯᠵᠢᠯ᠎ᠤᠨ ᠦᠢ᠍ᠯᠡᠴᠢᠯᠡᠭᠡ ᠵᠢ 737 ᠤᠳᠠᠭ᠎ᠠ ᠭᠥᠯᠢᠶᠡᠨ ᠠᠪᠴᠤ᠂ ᠳᠡᠩᠰᠡᠯᠡᠵᠦ ᠡᠷᠡᠭᠦᠯᠵᠢᠭᠦᠯᠬᠦ ᠡᠲᠡᠭᠡᠳ᠎ᠤᠨ ᠵᠢᠷᠤᠮᠵᠢᠭᠰᠠᠨ ᠦᠢ᠍ᠯᠡᠴᠢᠯᠡᠭᠡᠨ᠎ᠤ ᠨᠣᠷᠮ᠎ᠠ 65%᠎ᠳᠤ ᠬᠦᠷᠴᠡᠢ᠃
     ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠶᠦᠸᠸ ᠵᠢᠢ ᠴᠡᠴᠡᠷᠯᠢᠭ᠎ᠤᠨ ᠣᠷᠣᠭ ᠲᠠᠡᠭᠰᠠᠯᠠᠬᠤ ᠲᠥᠪ ᠵᠢᠨ    ᠠᠰᠢᠭᠯᠠᠯᠲᠠ᠎ᠳᠤ ᠣᠷᠣᠭᠰᠠᠨ ᠪᠥᠭᠡᠳ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠰᠢᠷᠢᠰ ᠭᠣᠣᠯ ᠰᠡᠳᠦᠪᠲᠦ ᠠᠵᠢᠯᠯᠠᠭ᠎ᠠ ᠵᠢ ᠡᠷᠭᠢᠯᠡᠪᠡ᠃ ᠲᠣᠰ ᠲᠥᠪ᠎ᠤᠨ᠎ᠬᠢᠨ ᠴᠡᠴᠡᠷᠯᠢᠭ᠎ᠤᠨ ᠣᠷᠴᠢᠨ ᠲᠣᠭᠣᠷᠢᠨ᠎ᠳᠤ ᠲᠦᠰᠢᠭᠯᠡᠨ ᠤᠬᠠᠭᠤᠯᠭ᠎ᠠ ᠬᠥᠮᠦᠵᠢᠯ᠂ ᠰᠣᠶᠣᠯ᠎ᠤᠨ ᠦᠵᠡᠭᠦᠯᠦᠯᠭᠡ ᠪᠠ ᠦᠢ᠍ᠯᠡᠳᠦᠯᠴᠡᠨ ᠰᠣᠯᠢᠯᠴᠠᠬᠤ ᠵᠡᠷᠭᠡ ᠴᠢᠳᠠᠮᠵᠢ ᠵᠢ ᠬᠠᠩᠭ᠋ᠠᠵᠤ᠂ ᠲᠤᠬᠠᠢ᠌ᠯᠠᠭᠰᠠᠨ ᠠᠵᠢᠯ᠎ᠤᠨ ᠭᠦᠢ᠍ᠴᠡᠳᠬᠡᠯ᠎ᠢ ᠠᠮᠢ ᠠᠬᠤᠢ ᠵᠢᠨ ᠣᠷᠴᠢᠨ ᠲᠣᠭᠣᠷᠢᠨ᠎ᠲᠠᠢ ᠠᠭᠤᠰᠤᠯᠴᠠᠭᠤᠯᠤᠨ᠂ ᠭᠡᠷ᠎ᠤᠨ ᠭᠠᠳᠠᠨᠠᠬᠢ ᠣᠷᠣᠭ᠎ᠤᠨ ᠳᠠᠩᠰᠠᠯᠠᠯᠲᠠ᠂ ᠢᠨᠠᠭ ᠳᠤᠷᠠᠯᠠᠯ᠎ᠤᠨ ᠭᠣᠣᠯ ᠰᠡᠳᠦᠪᠲᠦ ᠴᠡᠴᠡᠷᠯᠢᠭ᠎ᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠲᠠᠯᠠᠪᠤᠷ ᠭᠠᠵᠠᠷ᠎ᠢ ᠪᠠᠢ᠌ᠭᠤᠯᠵᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠬᠤ᠎ᠪᠠᠷ ᠳᠠᠮᠵᠢᠭᠤᠯᠤᠨ ᠣᠯᠠᠨ ᠲᠠᠯ᠎ᠠ ᠵᠢᠨ ᠡᠬᠢ ᠪᠠᠶᠠᠯᠢᠭ᠎ᠢ ᠬᠤᠷᠠᠮᠳᠤᠭᠤᠯᠤᠨ᠂ ᠬᠣᠲᠠ ᠵᠢᠨ ᠠᠷᠠᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠳᠤ ᠲᠥᠷᠥᠭᠳᠡᠯ᠎ᠢ ᠨᠡᠮᠡᠭᠳᠡᠭᠦᠯᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃


  ᠨᠢᠬᠦᠯᠡᠰᠤᠡᠭᠭᠦᠢ ᠵᠢᠨ ᠦᠢ᠍ᠯᠡᠰ


    ᠪᠤᠭᠤᠲᠤ ᠬᠣᠲᠠ ᠵᠢᠨ᠎ᠬᠢᠨ ᠤᠷᠴᠢᠮ᠎ᠳᠤ ᠠᠩᠬᠠᠳᠠᠭᠴᠢ 《ᠬᠠᠢ᠌ᠷ᠎ᠠ ᠬᠠᠯᠠᠮᠵᠢ ᠵᠢᠨ ᠥᠷᠲᠡᠭᠡ》 ᠵᠢ ᠬᠡᠷᠡᠭᠯᠡᠵᠤ ᠡᠬᠢᠯᠡᠪᠡ᠃ ᠲᠣᠰ ᠥᠷᠲᠡᠭᠡ᠎ᠨᠢ ᠪᠣᠷᠤᠯᠠᠭᠤᠯᠭ᠎ᠠ ᠵᠢᠨ  ᠲᠤᠤᠷᠵᠢᠯ᠎ᠤᠨ ᠪᠦᠲᠦᠭᠡᠨ ᠪᠠᠢ᠌ᠭᠤᠯᠤᠯᠲᠠ᠎ᠳᠤ ᠲᠦᠰᠢᠭᠯᠡᠨ᠂ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠬᠤᠳᠠᠯᠳᠤᠨ ᠠᠪᠬᠤ ᠪᠠ ᠨᠡᠶ᠋ᠢᠲᠡ ᠵᠢᠨ ᠠᠰᠠᠷᠠᠮᠵᠢ ᠵᠢᠨ ᠴᠢᠳᠠᠮᠵᠢ ᠵᠢ ᠠᠭᠤᠰᠤᠯᠴᠠᠭᠤᠯᠤᠨ᠂ ᠭᠠᠳᠠᠨ᠎ᠠ ᠲᠤᠳᠤᠨ᠎ᠠ ᠠᠵᠢᠯᠯᠠᠬᠰᠠᠳ ᠪᠠ ᠬᠣᠲᠠ ᠵᠢᠨ ᠠᠷᠠᠳ᠎ᠲᠤ ᠬᠥᠯ ᠠᠮᠠᠷᠠᠬᠤ᠂ ᠤᠰᠤ ᠤᠤᠭᠤᠬᠤ᠂ ᠴᠠᠬᠢᠯᠭ᠋ᠠᠨ ᠴᠡᠨᠡᠭᠯᠡᠬᠦ᠂ ᠪᠣᠷᠣᠭ᠋ᠠᠨ᠎ᠠᠴᠠ ᠵᠠᠢ᠌ᠯᠠᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠪᠢᠴᠢᠯ ᠳᠣᠯᠭᠢᠶᠠᠨ᠎ᠤ ᠵᠤᠤᠬ᠎ᠠ᠂ ᠤᠤᠭᠤᠬᠤ ᠤᠰᠤᠨ᠎ᠤ ᠮᠠᠰᠢᠨ ᠵᠡᠷᠭᠡ ᠲᠥᠬᠦᠭᠡᠷᠦᠮᠵᠢ ᠵᠢ  ᠲᠤᠬᠢᠷᠠᠭᠤᠯᠤᠬᠰᠠᠨ᠎ᠤ ᠬᠠᠮᠲᠤ᠂ ᠪᠤᠭᠤᠳᠤ ᠬᠣᠲᠠ ᠵᠢᠨ  ᠲᠤᠰᠠᠯᠠᠮᠵᠢ ᠵᠢᠨ ᠥᠷᠲᠡᠭᠡ ᠵᠢᠨ᠎ᠬᠢᠨ᠎ᠲᠠᠢ ᠬᠣᠯᠪᠤᠭ᠋ᠠᠯᠠᠨ ᠲᠦᠷ ᠴᠠᠭ᠎ᠤᠨ ᠲᠤᠰᠠᠯᠠᠮᠵᠢ ᠵᠢᠨ 《ᠬᠠᠷᠠᠭᠤᠯ᠎ᠤᠨ ᠥᠷᠲᠡᠭᠡ》 ᠵᠢ ᠪᠠᠢ᠌ᠭᠤᠯᠵᠤ᠂ ᠪᠣᠷᠣᠯᠠᠭᠤᠯᠬᠤ᠂ ᠠᠷᠠᠳ᠎ᠲᠤ ᠲᠥᠬᠥᠮ ᠦᠵᠡᠭᠦᠯᠬᠦ᠂ ᠤᠬᠠᠭᠤᠯᠭ᠎ᠠ ᠵᠢ ᠨᠢᠭᠡ ᠴᠣᠭᠴᠠᠵᠢᠭᠤᠯᠤᠭᠰᠠᠨ ᠦᠢ᠍ᠯᠡᠴᠢᠯᠡᠭᠡᠨ᠎ᠤ ᠲᠠᠪᠴᠠᠩ᠎ᠢ ᠪᠣᠶ ᠪᠤᠯᠭ᠋ᠠᠬᠰᠠᠨ ᠪᠠᠢ᠌ᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ
   
    ᠬᠠᠢ᠌ᠨᠠᠨ ᠮᠤᠵᠢ ᠵᠢᠨ᠎ᠬᠢᠨ ᠤᠷᠴᠢᠮ᠎ᠳᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠠᠢ᠌ᠨᠠᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠬᠠᠮᠲᠤᠷᠠᠨ 《ᠬᠠᠢ᠌ᠨᠠᠨ ᠮᠤᠵᠢ ᠵᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠬᠢᠷᠢ ᠬᠡᠮ᠎ᠤᠨ ᠭᠤᠶᠤᠴᠢᠯᠠᠯ᠎ᠤᠨ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠪᠠ᠃ ᠠᠷᠭ᠎ᠠ᠎ᠳᠤ᠄ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠢᠭᠡᠨᠲᠡ ᠲᠣᠭᠲᠠᠭ᠋ᠠᠭᠰᠠᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯ᠎ᠲᠠᠢ ᠬᠥᠮᠥᠰ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ  ᠨᠠᠭ᠋ᠠᠨ᠎ᠠ ᠴᠠᠭ᠋ᠠᠨ᠎ᠠ ᠭᠡᠷ ᠪᠦᠯᠢ᠂ ᠵᠠᠢ᠌ᠯᠠᠰᠢ ᠦᠭᠡᠢ ᠵᠠᠷᠤᠯᠭ᠎ᠠ ᠵᠢᠨ ᠬᠦᠴᠢᠷᠳᠡᠯ᠎ᠲᠠᠢ ᠭᠡᠷ ᠪᠦᠯᠢ ᠪᠠ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠨ᠎ᠬᠢᠨ᠎ᠤ ᠲᠣᠭᠲᠠᠭ᠋ᠠᠭᠰᠠᠨ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ  ᠬᠢᠨᠠᠯᠳᠠ᠎ᠳᠤ ᠪᠠᠢ᠌ᠭ᠎ᠠ ᠵᠡᠷᠭᠡ ᠣᠷᠣᠯᠭ᠎ᠠ ᠪᠠᠭ᠎ᠠ ᠬᠥᠮᠥᠰ ᠣᠷᠣᠨ ᠰᠠᠭᠤᠴᠠ ᠵᠢᠨ ᠪᠠᠲᠤᠯᠠᠭ᠎ᠠ ᠵᠢᠨ ᠬᠢᠷᠢ ᠬᠡᠮ᠎ᠢ ᠭᠤᠶᠤᠴᠢᠯᠠᠬᠤ ᠦᠶ᠎ᠡ᠎ᠳᠤ  ᠣᠷᠣᠨ ᠰᠠᠭᠤᠴᠠ ᠵᠢᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠬᠢᠨᠠᠨ ᠬᠠᠷᠭᠤᠭᠤᠯᠬᠤ ᠪᠠᠢ᠌ᠭᠤᠯᠤᠮᠵᠢ᠎ᠳᠤ ᠳᠠᠭᠢᠵᠤ ᠨᠠᠢ᠌ᠳᠠᠵᠤ ᠠᠵᠤ ᠠᠬᠤᠢ ᠵᠢᠨ ᠪᠠᠢ᠌ᠳᠠᠯ᠎ᠢ᠎ᠨᠢ ᠬᠢᠨᠠᠨ ᠬᠠᠷᠭᠤᠭᠤᠯᠬᠤ ᠠᠵᠢᠯ ᠥᠷᠨᠢᠭᠦᠯᠬᠦ ᠦᠭᠡᠢ》 ᠭᠡᠵᠡᠢ᠃





   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.25
ᠯᠢ ᠺᠸ ᠴᠢᠶᠠᠩ ᠰᠢᠩᠭ᠋ᠠᠫᠤᠷ᠎ᠲᠤ ᠠᠢ᠌ᠯᠴᠢᠯᠠᠬᠤ ᠵᠢᠨ ᠳᠠᠭ᠋ᠠᠤ ᠳᠤᠷᠤᠨᠠᠳᠤ ᠠᠽᠢᠶ᠎ᠠ ᠵᠢᠨ ᠬᠠᠮᠳᠤᠷᠠᠯᠴᠠᠭ᠋ᠠᠨ᠎ᠤ ᠤᠳᠤᠷᠢᠳᠬᠤ ᠬᠦᠮᠦᠰ᠎ᠤᠨ ᠰᠢᠷᠢᠰ ᠬᠤᠷᠠᠯ᠎ᠳᠤ ᠤᠷᠤᠯᠴᠠᠬᠤ᠎ᠪᠠᠷ ᠪᠡᠭᠡᠵᠢᠩ᠎ᠠᠴᠠ ᠮᠤᠷᠳᠠᠪᠠ
ᠯᠢ ᠺᠸ ᠴᠢᠶᠠᠩ᠄ ᠵᠠᠰᠠᠭ᠎ᠤᠨ ᠤᠷᠳᠤᠨ ᠪᠤᠯᠤᠨ ᠤᠯᠤᠰ᠎ᠤᠨ ᠦᠮᠴᠢᠯᠠᠯ᠎ᠤᠨ ᠠᠵᠤ ᠠᠬᠤᠢ᠌ᠯᠠᠯ᠎ᠤᠨ ᠠᠷᠠᠳ᠎ᠤᠨ ᠡᠵᠡᠩᠨᠡᠯᠳᠡ ᠵᠢᠨ ᠠᠵᠤ ᠠᠬᠤᠢ᠌ᠯᠠᠯ᠎ᠳᠤ ᠵᠤᠭᠤᠰ ᠮᠦᠩᠬᠦ ᠦᠷᠢᠳᠦᠵᠤ ᠪᠠᠢ᠌ᠭ᠎ᠠ ᠠᠰᠠᠭᠤᠳᠠᠯ᠎ᠢ ᠳᠦᠷᠭᠡᠨ ᠰᠢᠢ᠍ᠳᠪᠤᠷᠢᠯᠡᠬᠦ ᠭᠡᠷᠡᠭᠳᠡᠢ ᠭᠡᠪᠡ
11 ᠳ᠋ᠤᠭᠡᠷ ᠰᠠᠷ᠎ᠠ ᠵᠢᠨ 9᠎ᠤ ᠠ᠋ᠳᠤᠷ ᠬᠤᠷᠠᠯᠳᠤᠭᠰᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠪᠠᠢ᠌ᠩᠭᠤ ᠵᠢᠨ ᠬᠤᠷᠠᠯ ᠳᠡᠭᠡᠷ᠎ᠠ ᠭᠤᠷᠪᠠᠨ ᠵᠦᠢ᠍ᠯ᠎ᠤᠨ ᠤᠴᠢᠷ ᠶᠠᠪᠤᠳᠠᠯ᠎ᠢ ᠶᠠᠷᠢᠯᠴᠠᠨ ᠳᠤᠭᠳᠠᠪᠠ
 
            