ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.28
ᠨᠡᠶᠢᠲᠡᠯᠡᠭᠰᠡᠨ ᠴᠠᠭ᠄ 2025-05-30

ᠠᠷᠠᠳ᠎ᠤᠨ ᠶᠠᠪᠤᠳᠠᠯ᠎ᠤᠨ ᠶᠠᠮᠤᠨ


     ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠤᠷᠴᠢᠮ᠎ᠳᠤ  《ᠠᠵᠢᠯ ᠣᠯᠭᠣᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠰᠢᠰᠲᠸᠮ᠎ᠢ ᠤᠯᠠᠮ  ᠲᠡᠬᠦᠯᠳᠡᠷᠵᠢᠬᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠦᠢ᠍ᠯᠡᠴᠢᠯᠡᠭᠡᠨ᠎ᠤ 20 ᠠᠷᠭ᠎ᠠ  ᠵᠢ ᠳᠤᠷᠠᠳᠤᠨ ᠠᠳᠠᠯᠢ ᠲᠡᠭᠰᠢ ᠲᠦᠭᠡᠮᠡᠯ ᠬᠠᠷᠠᠭ᠋ᠠᠯᠵᠠᠯ ᠦᠵᠡᠭᠦᠯᠬᠦ᠂ ᠴᠢᠳᠠᠮᠵᠢ ᠪᠦᠷᠢᠨ ᠲᠡᠭᠦᠯᠳᠡᠷ᠂ ᠬᠠᠪᠰᠤᠷᠤᠨ ᠲᠡᠳᠬᠦᠬᠦ ᠨᠠᠷᠢᠯᠢᠭ ᠣᠨᠣᠴᠠᠲᠠᠢ᠂ ᠰᠠᠭᠤᠷᠢ ᠵᠢ ᠪᠠᠲᠤᠳᠬᠠᠬᠤ᠂ ᠲᠣᠭ᠎ᠠ᠎ᠪᠠᠷ ᠴᠢᠳᠠᠪᠤᠷᠢ ᠣᠯᠭᠣᠬᠤ ᠠᠵᠢᠯ ᠣᠯᠭᠣᠯᠲᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ  ᠰᠢᠰᠲᠸᠮ᠎ᠢ ᠤᠯᠠᠮ ᠲᠡᠬᠦᠯᠳᠡᠷᠵᠢᠬᠦᠯᠤᠬᠡᠳ ᠦᠢ᠍ᠯᠡᠴᠢᠯᠡᠭᠡᠨ᠎ᠤ ᠪᠣᠯᠣᠮᠵᠢᠲᠤ ᠴᠢᠨᠠᠷ ᠪᠠ ᠠᠳᠠᠯᠢ ᠲᠡᠭᠰᠢ᠂ ᠲᠤᠰᠬᠠᠢ᠌ᠵᠢᠯᠲᠠ ᠵᠢᠨ ᠲᠦᠪᠰᠢᠨ᠎ᠢ ᠳᠡᠭᠡᠭᠰᠢᠯᠡᠭᠦᠯᠪᠡ᠃
    ᠠᠷᠪᠠᠨ ᠨᠢᠭᠡᠳᠦᠭᠡᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠦᠵᠡᠭᠦᠯᠦᠯᠭᠡ ᠵᠢᠨ ᠴᠤᠭᠯᠠᠭ᠋ᠠ᠊ ᠡᠬᠢᠯᠡᠪᠡ᠃ ᠲᠤᠰ ᠦᠵᠡᠰᠬᠦᠯᠡᠩ᠎ᠤᠨ ᠴᠤᠭᠯᠠᠭ᠋ᠠᠨ᠎ᠨᠢ 《ᠭᠠᠷ ᠬᠣᠯᠪᠣᠯᠴᠠᠨ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠢ ᠬᠠᠮᠲᠤᠪᠠᠷ ᠠᠬᠢᠭᠤᠯᠵᠤ᠂ ᠪᠤᠭᠤᠷᠤᠯᠴᠤᠳ᠎ᠤᠨ ᠠᠵᠤ ᠠᠬᠤᠢ ᠵᠢᠨ ᠰᠢᠨ᠎ᠡ ᠢᠷᠡᠭᠡᠳᠦᠢ ᠵᠢ ᠰᠦᠪᠡᠭᠴᠢᠯᠡᠶ᠎ᠡ》ᠭᠡᠬᠦ ᠭᠣᠣᠯ ᠰᠡᠳᠦᠪ ᠵᠶ᠋ᠡᠷ ᠠᠷᠪᠠᠨ ᠶᠡᠬᠡ ᠦᠵᠡᠰᠬᠦᠯᠡᠩ᠎ᠤᠨ ᠲᠣᠭᠣᠷᠢᠭ᠎ᠢ ᠪᠠᠢ᠌ᠭᠤᠯᠵᠤ᠂ 10 ᠭᠠᠷᠤᠢ ᠤᠯᠤᠰ ᠪᠠ ᠭᠠᠵᠠᠷ ᠣᠷᠣᠨ᠎ᠠᠴᠠ ᠢᠷᠡᠭᠰᠡᠨ 220 ᠭᠠᠷᠤᠢ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠲᠦᠷᠦᠯ ᠲᠡᠮᠳᠡᠭ᠎ᠤᠨ ᠪᠠᠢ᠌ᠭᠤᠯᠤᠮᠵᠢ ᠦᠵᠡᠰᠬᠦᠯᠡᠩ᠎ᠳᠤ ᠣᠷᠣᠯᠴᠠᠵᠤ᠂ ᠠᠳᠠᠯᠢ ᠬᠤᠭᠤᠴᠠᠭ᠋ᠠᠨ᠎ᠳᠤ ᠪᠠᠰᠠ 10 ᠭᠠᠷᠤᠢ ᠲᠠᠯᠠᠪᠤᠷ ᠭᠣᠣᠯ ᠰᠡᠳᠦᠪᠲᠦ ᠰᠣᠯᠢᠯᠴᠠᠭ᠎ᠠ ᠵᠢᠨ ᠬᠠᠮᠲᠤ᠎ᠪᠠᠷ ᠡᠳ᠋ᠯᠡᠬᠦ ᠴᠤᠭᠯᠠᠭ᠋ᠠᠨ ᠪᠠ ᠬᠠᠮᠢᠶ᠎ᠠ ᠪᠦᠬᠦᠢ ᠠᠵᠢᠯᠯᠠᠭ᠎ᠠ ᠵᠢ ᠡᠷᠬᠢᠯᠡᠪᠡ᠃ ᠦᠵᠡᠰᠬᠦᠯᠡᠩ᠎ᠤᠨ ᠴᠤᠭᠯᠠᠭ᠋ᠠᠨ ᠳᠡᠭᠡᠷ᠎ᠡ 《ᠵᠦᠩ ᠹᠦ᠋ ᠬᠤᠢ  ᠪᠤᠭᠤᠷᠤᠯᠴᠤᠳ᠎ᠤᠨ ᠠᠵᠤ ᠦᠢ᠍ᠯᠡᠰ᠎ᠤᠨ ᠲᠠᠪᠴᠠᠩ》 ᠵᠢᠩᠬᠢᠨᠢ᠎ᠪᠠᠷ ᠠᠰᠢᠭᠯᠠᠯᠲᠠ᠎ᠳᠤ ᠣᠷᠣᠵᠤ᠂  ᠪᠤᠭᠤᠷᠤᠯᠴᠤᠳ᠎ᠤᠨ ᠠᠵᠤ ᠦᠢ᠍ᠯᠡᠰ᠎ᠤᠨ ᠠᠮᠢ ᠠᠬᠤᠢ ᠵᠢᠨ ᠲᠡᠰ ᠳᠡᠪᠰᠢᠬᠦ᠎ᠳᠤ ᠬᠦᠴᠦᠨ ᠨᠡᠮᠡᠷᠢᠯᠡᠪᠡ᠃


ᠨᠠᠰᠤᠵᠢᠯ᠎ᠤᠨ ᠦᠢ᠍ᠯᠡᠴᠢᠯᠡᠭᠡ


    ᠬᠥᠬᠡᠬᠣᠲᠠ ᠵᠢᠨ᠎ᠬᠢᠨ᠎ᠤ 2024 ᠣᠨ᠎ᠤ 4 ᠳ᠋ᠤᠬᠡᠷ ᠰᠠᠷ᠎ᠠ᠎ᠠᠴᠠ 2025 ᠣᠨ᠎ᠤ 4 ᠳ᠋ᠤᠬᠡᠷ ᠰᠠᠷ᠎ᠠ ᠪᠣᠯᠲᠠᠯ᠎ᠠ ᠨᠠᠰᠤᠲᠠᠢ᠌ᠴᠤᠳ ᠊ᠤ᠊ ᠡᠨᠳᠡᠯ᠎ᠤᠨ ᠬᠡᠮᠳᠤᠯ᠎ᠤᠨ ᠳᠠᠭ᠋ᠠᠳᠬᠠᠯ᠎ᠤᠨ ᠲᠥᠯᠥᠪᠦᠷᠢ ᠥᠭᠬᠦ ᠨᠣᠷᠮ᠎ᠠ ᠠᠩᠬ᠎ᠠ ᠤᠳᠠᠭ᠎ᠠ 100% ᠵᠢ ᠳᠠᠪᠠᠵᠠᠢ᠃ ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠨᠳᠡᠯᠡᠨ᠎ᠤ ᠲᠤᠰᠬᠠᠢ ᠪᠠᠢ᠌ᠭᠤᠯᠤᠮᠵᠢ ᠵᠢ ᠤᠷᠢᠵᠤ ᠲᠥᠯᠥᠪᠦᠷᠢ ᠥᠭᠬᠦ ᠵᠢ ᠵᠢᠯᠣᠭᠣᠳᠤᠭᠤᠯᠵᠤ᠂ ᠳᠠᠭ᠋ᠠᠳᠬᠠᠯ᠎ᠤᠨ ᠺᠣᠮᠫᠠᠨᠢ ᠵᠢᠨ ᠬᠢᠨᠠᠯᠲᠠ ᠬᠠᠮᠢᠶᠠᠷᠤᠯᠲᠠ ᠵᠢᠨ ᠦᠨᠡᠯᠡᠯᠳᠡ ᠵᠢ ᠴᠢᠩᠭ᠋ᠠᠳᠬᠠᠬᠤ ᠵᠢᠨ ᠬᠠᠮᠲᠤ ᠮᠡᠷᠬᠡᠨ ᠴᠤᠬᠤᠷ᠎ᠢ ᠰᠢᠷᠪᠢᠵᠤ ᠲᠠᠭ᠋ᠠᠳᠭ᠋ᠠᠯ᠎ᠳᠤ ᠤᠷᠤᠯᠴᠠᠭᠤᠯᠬᠤ᠂ ᠡᠯᠧᠺᠲᠷᠣᠨ ᠳᠠᠭ᠋ᠠᠳᠬᠠᠯ᠎ᠤᠨ ᠬᠠᠭᠤᠳᠠᠰᠤ ᠪᠠ ᠴᠠᠬᠢᠮ ᠴᠢᠮᠡᠬᠡ᠎ᠪᠠᠷ ᠰᠠᠨᠠᠭᠤᠯᠬᠤ ᠵᠡᠷᠭᠡ ᠰᠢᠨ᠎ᠡ ᠠᠷᠭ᠎ᠠ᠎ᠪᠠᠷ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠪᠠ ᠲᠥᠯᠥᠪᠦᠷᠢ ᠥᠭᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ 2024 ᠣᠨ᠎ᠳᠤ ᠲᠣᠰ ᠳᠠᠭ᠋ᠠᠳᠬᠠᠯ᠎ᠤᠨ ᠦᠶᠡᠯᠡᠯ᠎ᠤᠨ ᠬᠤᠭᠤᠴᠠᠭ᠋ᠠᠨ᠎ᠳᠤ 632.5 ᠲᠦᠮᠡᠨ ᠲᠥᠭᠥᠷᠢᠭ ᠣᠷᠣᠭᠤᠯᠤᠨ ᠳᠠᠭ᠋ᠠᠳᠬᠠᠭᠤᠯᠵᠤ᠂ ᠪᠥᠬᠥ ᠵᠢᠯ᠎ᠳᠤ 2073 ᠨᠠᠰᠤᠲᠠᠨ᠎ᠳᠤ 656 ᠲᠦᠮᠡᠨ ᠲᠥᠭᠥᠷᠢᠭ᠎ᠤᠨ ᠲᠥᠯᠥᠪᠦᠷᠢ ᠥᠭᠴᠦ᠂ ᠲᠥᠯᠥᠬᠦ ᠨᠣᠷᠮ᠎ᠠ᠎ᠨᠢ 2022 ᠣᠨ᠎ᠤ ᠳᠠᠭ᠋ᠠᠳᠬᠠᠯ᠎ᠤᠨ ᠦᠶᠡᠯᠡᠯ᠎ᠤᠨ ᠬᠤᠭᠤᠴᠠᠭ᠋ᠠᠨ᠎ᠤ 44.2% ᠪᠠᠢ᠌ᠭᠰᠠᠨ᠎ᠠᠴᠠ᠎ᠪᠠᠨ ᠳᠡᠭᠡᠭᠰᠢᠯᠡᠭᠡᠳ ᠲᠣᠰ ᠦᠶᠡᠯᠡᠯ᠎ᠤᠨ ᠬᠤᠭᠤᠴᠠᠭ᠋ᠠᠨ᠎ᠤ 103% ᠪᠣᠯᠵᠤ᠂ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠦᠢ᠍ᠯᠡᠳᠦᠯ ᠴᠢᠳᠠᠪᠤᠷᠢ ᠢᠯᠡᠳᠲᠡ ᠴᠢᠩᠭ᠋ᠠᠷᠠᠪᠠ᠃


ᠬᠡᠦᠬᠡᠳ᠎ᠤᠨ ᠠᠰᠠᠷᠠᠮᠵᠢ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠨᠢ ᠬᠡᠦᠬᠡᠳ᠎ᠤᠨ ᠠᠰᠠᠷᠠᠮᠵᠢ ᠵᠢᠨ ᠠᠵᠢᠯ᠎ᠤᠨ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ᠎ᠪᠠᠷ ᠲᠣᠬᠢᠶᠠᠯ ᠪᠣᠯᠭ᠋ᠠᠵᠤ᠂ ᠵᠠᠰᠠᠭ᠎ᠤᠨ ᠣᠷᠳᠣᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠪᠤᠶᠠᠨᠰᠠᠭ ᠬᠥᠮᠥᠰ ᠵᠡᠷᠭᠡ ᠣᠯᠠᠨ ᠲᠠᠯ᠎ᠠ ᠵᠢᠨ ᠡᠬᠢ ᠪᠠᠶᠠᠯᠢᠭ᠎ᠢ ᠡᠮᠬᠢᠯᠡᠬᠡᠳ 《ᠲᠥᠷᠥ ᠵᠢᠨ ᠪᠣᠳᠣᠯᠭ᠎ᠠ ᠵᠢᠨ ᠪᠠᠲᠤᠯᠠᠭ᠎ᠠ + ᠲᠤᠰᠬᠠᠢ ᠦᠢ᠍ᠯᠡᠴᠢᠯᠡᠭᠡ + ᠨᠡᠢ᠌ᠭᠡᠮ᠎ᠤᠨ᠎ᠬᠢᠨ᠎ᠤ ᠤᠷᠤᠯᠴᠠᠭ᠎ᠠ》 ᠤᠨᠴᠠᠭ᠋ᠠᠢ ᠬᠡᠦᠬᠡᠳ᠎ᠢ ᠬᠠᠯᠠᠮᠵᠢᠯᠠᠨ  ᠬᠠᠮᠠᠭ᠋ᠠᠯᠠᠬᠤ  ᠰᠢᠰᠲᠸᠮ᠎ᠢ ᠪᠥᠬᠥ ᠲᠠᠯ᠎ᠠ᠎ᠪᠠᠷ  ᠲᠡᠬᠦᠯᠳᠡᠷᠵᠢᠬᠦᠯᠤᠬᠡᠳ ᠤᠷᠴᠢᠮ᠎ᠳᠤ 《ᠵᠢᠤᠶᠤᠸᠠᠨ ᠬᠡᠤᠬᠡᠳ᠎ᠤᠨ ᠦᠰᠤᠨ ᠪᠣᠶ᠋ᠢᠵᠢᠯᠲᠠ》 ᠬᠡᠬᠦ ᠬᠡᠦᠬᠡᠳ᠎ᠤᠨ ᠠᠵᠢᠯ᠎ᠤᠨ ᠨᠠᠷᠠᠲᠤ ᠲᠡᠮᠳᠡᠭᠲᠦ ᠵᠢ ᠨᠡᠢ᠌ᠲᠡᠯᠡᠬᠦ ᠪᠠ 《ᠵᠢᠷᠭᠤᠭ᠋ᠠᠨ ᠰᠠᠷ᠎ᠠ ᠵᠢᠨ ᠨᠢᠭᠡᠨ》᠎ᠢ ᠤᠭᠲᠤᠬᠤ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢᠤᠶᠤᠸᠠᠨ ᠲᠣᠭᠣᠷᠢᠭ᠎ᠲᠤ ᠶᠠᠪᠤᠭᠳᠠᠪᠠ᠃ ᠠᠵᠢᠯᠯᠠᠭ᠎ᠠ ᠵᠢᠨ ᠳᠤᠮᠳᠠ᠂  ᠪᠤᠭᠤᠳᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠤᠬᠠᠢ ᠵᠢᠨ ᠲᠠᠯᠠᠪᠤᠷ᠎ᠲᠤ ᠵᠢᠤᠶᠤᠸᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 《ᠵᠢᠤᠶᠤᠸᠠᠨ᠎ᠤ ᠬᠡᠤᠬᠡᠳ᠎ᠤᠨ ᠣᠶᠤᠨ ᠰᠠᠨᠠᠭ᠋ᠠᠨ᠎ᠤ ᠥᠷᠲᠡᠭᠡ》᠎ᠳᠤ ᠫᠠᠢ᠌ᠰᠠ ᠣᠯᠭᠣᠵᠤ᠂ ᠣᠨᠴᠠᠭ᠋ᠠᠶ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠠᠵᠢᠯ᠎ᠢ ᠠᠬᠢᠭᠤᠯᠤᠯ᠎ᠠ᠃

     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠡᠦᠬᠡᠳ᠎ᠤᠨ ᠠᠰᠠᠷᠠᠮᠵᠢ ᠵᠢᠨ ᠪᠡᠯᠡ ᠮᠥᠩᠭᠥ ᠵᠢᠨ ᠪᠠᠲᠤᠯᠠᠭ᠎ᠠ ᠵᠢᠨ ᠰᠠᠭᠤᠷᠢ ᠵᠢ ᠲᠠᠰᠤᠷᠠᠯᠲᠠ ᠴᠢᠡᠭᠭ᠋ᠠᠳᠬᠠᠨ᠂ ᠡᠯ᠎ᠡ ᠭᠠᠵᠠᠷ᠎ᠤᠨ ᠬᠡᠦᠬᠡᠳ᠎ᠤᠨ ᠡᠷᠬᠢᠯᠡᠭᠴᠢ ᠵᠢᠨ ᠲᠣᠭ᠎ᠠ ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠲᠣᠭ᠎ᠠ᠂ ᠪᠡᠯᠡ ᠮᠥᠩᠭᠥ ᠵᠢᠨ ᠬᠡᠷᠡᠭᠯᠡᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠬᠦ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ᠎ᠬᠢᠨ᠎ᠯᠦᠭᠡ ᠬᠠᠮᠵᠢᠯᠴᠠᠨ ᠲᠥᠪ᠎ᠠᠴᠠ ᠪᠠᠭᠤᠯᠭ᠋ᠠᠭᠰᠠᠨ ᠬᠦᠴᠢᠷᠳᠡᠯ᠎ᠲᠠᠢ ᠣᠯᠠᠨ ᠲᠦᠮᠡᠨ᠎ᠢ  ᠲᠤᠰᠠᠯᠠᠮᠵᠢ ᠵᠢᠨ ᠨᠥᠬᠥᠪᠦᠷᠢ ᠳᠣᠲᠣᠷ᠎ᠠ᠎ᠠᠴᠠ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠵᠠᠰᠠᠭ᠎ᠤᠨ ᠣᠷᠳᠣᠨ᠎ᠠᠴᠠ ᠬᠡᠦᠬᠡᠳ᠎ᠤᠨ ᠠᠰᠠᠷᠠᠮᠵᠢ ᠪᠠ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡ ᠬᠤᠳᠠᠯᠳᠤᠨ ᠠᠪᠬᠤ᠎ᠳᠤ ᠬᠡᠷᠡᠭᠯᠡᠪᠡ᠃  ᠤᠷᠴᠢᠮ᠎ᠤᠨ ᠭᠤᠷᠪᠠᠨ ᠵᠢᠯ 680 ᠲᠦᠮᠡᠨ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ᠂ ᠬᠡᠦᠬᠡᠳ᠎ᠤᠨ ᠠᠰᠠᠷᠠᠮᠵᠢ ᠪᠠ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠠᠵᠢᠯ᠎ᠢ ᠦᠷᠭᠦᠯᠵᠢᠯᠡᠨ ᠬᠡᠷᠡᠭᠵᠢᠭᠦᠯᠬᠦ᠎ᠳᠤ ᠪᠡᠯᠡ ᠮᠥᠩᠭᠥ ᠵᠢᠨ ᠪᠡᠬᠢ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃





   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠦᠷᠨᠢᠬᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.4
 
            