ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.29
ᠨᠡᠶᠢᠲᠡᠯᠡᠭᠰᠡᠨ ᠴᠠᠭ᠄ 2025-05-30

ᠠᠷᠠᠳ᠎ᠤᠨ ᠶᠠᠪᠤᠳᠠᠯ᠎ᠤᠨ ᠶᠠᠮᠤᠨ

 

   《6·1》 ᠪᠣᠯᠬᠤ ᠲᠠᠰᠢᠷᠠᠮ ᠵᠶ᠋ᠡᠷ ᠪᠦᠬᠦ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 11 ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠤᠯᠠᠨ ᠬᠡᠯᠪᠡᠷᠢ᠎ᠪᠠᠷ ᠵᠣᠬᠢᠶᠠᠨ ᠪᠠᠢ᠌ᠭᠤᠯᠤᠨ ᠥᠷᠨᠢᠭᠦᠯᠵᠦ᠂ ᠬᠦᠴᠦ᠎ᠪᠠᠨ ᠬᠠᠮᠲᠤᠳᠬᠠᠨ ᠰᠠᠢ᠌ᠨ ᠰᠠᠢ᠌ᠬᠠᠨ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠲᠤᠬᠠᠢ   ᠪᠠᠢ᠌ᠷᠢᠯᠠᠭᠤᠯᠤᠬᠰᠠᠨ ᠵᠶ᠋ᠡᠷ ᠪᠠᠭ᠋ᠠᠴᠤᠳ ᠬᠡᠦᠬᠡᠳ ᠪᠠᠶᠠᠷ ᠪᠠᠶᠠᠰᠬᠤᠯᠠᠩ᠎ᠲᠠᠢ ᠮᠠᠷᠲᠠᠭᠳᠠᠰᠢ ᠦᠭᠡᠢ ᠪᠠᠶᠠᠷ᠎ᠤᠨ ᠡᠳᠦᠷ᠎ᠢ ᠥᠩᠭᠡᠷᠡᠭᠦᠯᠬᠦ᠎ᠪᠠᠷ ᠪᠣᠯᠪᠠ᠃ ᠮᠡᠳᠡᠭᠳᠡᠯ᠎ᠳᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠤᠯᠠᠮ  ᠴᠢᠩᠭ᠋ᠠᠳᠬᠠᠬᠤ ᠬᠣᠯᠪᠣᠭᠳᠠᠯ ᠪᠦᠬᠦᠢ ᠠᠷᠭ᠎ᠠ ᠵᠢ ᠨᠠᠢ᠌ᠳᠠᠪᠤᠷᠢᠵᠢᠭᠤᠯᠵᠤ᠂ 《ᠬᠠᠢ᠌ᠷᠠᠲᠤ ᠡᠵᠢ》 ᠵᠡᠷᠭᠡ ᠰᠠᠢ᠌ᠨ ᠳᠤᠷ᠎ᠠ ᠵᠢᠨ ᠠᠵᠢᠯᠯᠠᠭᠴᠢᠳ᠎ᠢ ᠵᠣᠬᠢᠶᠠᠨ ᠪᠠᠢ᠌ᠭᠤᠯᠤᠨ ᠳᠠᠶ᠋ᠢᠴᠢᠯᠠᠵᠤ ᠪᠠᠶᠠᠷ᠎ᠤᠨ ᠡᠳᠦᠷ᠎ᠤᠨ ᠬᠠᠨᠢ ᠪᠣᠯᠬᠤ ᠪᠠ ᠬᠠᠯᠠᠮᠵᠢᠯᠠᠨ ᠲᠡᠳᠬᠦᠬᠦ ᠠᠵᠢᠯᠯᠠᠭ᠎ᠠ ᠥᠷᠨᠢᠭᠦᠯᠬᠦ ᠬᠡᠷᠡᠭᠲᠡᠢ ᠭᠡᠵᠤ ᠴᠢᠬᠤᠯᠠᠴᠢᠯᠠᠯ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠣᠷᠣᠨ ᠨᠤᠲᠤᠭ᠎ᠤᠨ ᠰᠢᠨ᠎ᠡ ᠵᠢ ᠡᠭᠦᠳᠬᠦ ᠦᠢ᠍ᠯᠡᠳᠦᠯᠭᠡ ᠵᠢ ᠠᠬᠢᠭᠤᠯᠬᠤ ᠵᠢᠨ ᠲᠥᠯᠥᠭᠡ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠪᠠ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠪᠣᠯᠪᠠᠰᠤᠷᠠᠯ》 ᠡᠷᠭᠢᠯᠡᠪᠡ᠃ ᠪᠣᠯᠪᠠᠰᠤᠷᠠᠯ ᠲᠡᠬᠡᠷ᠎ᠡ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠵᠢᠨ ᠰᠤᠳᠤᠯᠭ᠋ᠠᠨ᠎ᠤ ᠲᠥᠪ᠎ᠤᠨ ᠰᠢᠶᠸ ᠴᠢᠶᠦ᠋ᠩ ᠫᠷᠤᠹᠸᠰᠰᠤᠷ᠎ᠢ ᠤᠷᠢᠵᠤ  《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠭᠵᠢᠯᠲᠡ ᠵᠢᠨ ᠬᠦᠴᠢᠷᠳᠡᠯ ᠪᠣᠯᠣᠨ ᠥᠷᠢᠰᠦᠯᠳᠦᠭᠡᠨ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠣᠷᠣᠨ ᠨᠤᠲᠤᠭ᠎ᠲᠠᠬᠢ ᠦᠢ᠍ᠯᠡᠳᠦᠯᠭᠡ ᠵᠢᠨ ᠲᠤᠷᠰᠢᠯᠭ᠎ᠠ ᠪᠣᠯᠣᠨ ᠰᠢᠪᠲᠤᠯᠤᠯᠲᠠ》 ᠵᠡᠷᠭᠡ ᠬᠠᠯᠠᠮᠰᠢᠯ ᠰᠡᠳᠦᠪ᠎ᠤᠨ ᠲᠣᠭᠣᠷᠢᠨ᠎ᠳᠤ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠷᠳᠡᠭ᠂ ᠦᠢ᠍ᠯᠡᠳᠦᠯᠭᠡ᠂ ᠠᠵᠢᠯᠯᠠᠭ᠎ᠠ ᠵᠡᠷᠭᠡ ᠭᠤᠷᠪᠠᠨ ᠲᠠᠯ᠎ᠠ᠎ᠠᠴᠠ ᠭᠦᠨᠵᠡᠭᠡᠢ ᠵᠠᠳᠠᠯᠤᠨ ᠰᠢᠨᠵᠢᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠬᠦᠴᠦ ᠨᠡᠮᠡᠷᠢᠯᠡᠵᠦ᠂ ᠣᠷᠣᠨ᠎ᠤ ᠲᠥᠪ᠎ᠤᠨ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠦᠢ᠍ᠯᠡᠰ᠎ᠤᠨ ᠦᠢ᠍ᠯᠡᠳᠦᠯᠭᠡ ᠵᠢᠨ ᠰᠢᠨ᠎ᠡ ᠡᠭᠦᠳᠦᠯᠲᠡ ᠵᠢ ᠬᠥᠭᠵᠢᠭᠡᠪᠡ᠃


ᠨᠡᠢ᠌ᠭᠡᠮ᠎ᠤᠨ ᠲᠤᠰᠠᠯᠠᠮᠵᠢ


   ᠰᠢᠯᠢ ᠵᠢᠨ ᠭᠣᠣᠯ ᠠᠢ᠌ᠮᠠᠭ᠎ᠤᠨ᠎ᠬᠢᠨ 《ᠭᠠᠭᠴᠠ ᠬᠥᠮᠥᠨ᠎ᠤ ᠪᠠᠲᠤᠯᠠᠭ᠎ᠠ》 ᠵᠢᠨ ᠲᠥᠷᠥ ᠵᠢᠨ ᠪᠣᠳᠣᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠨᠤᠴᠢᠳᠠᠢ ᠵᠡᠮᠳᠡᠭᠴᠦᠳ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠤᠶᠤᠴᠢᠯᠠᠬᠤ ᠨᠥᠬᠥᠴᠡᠯ᠎ᠢ ᠠᠭᠤᠵᠢᠭᠤ ᠲᠠᠯᠪᠢᠵᠤ᠂ ᠨᠠᠰᠤᠨ᠎ᠳᠤ ᠭᠦᠷᠦᠭᠰᠡᠨ ᠠᠵᠢᠯ ᠦᠭᠡᠢ ᠨᠤᠴᠢᠳᠠᠢ ᠵᠡᠮᠳᠡᠭᠴᠦᠳ᠎ᠤᠨ 《ᠭᠠᠭᠴᠠ ᠬᠥᠮᠥᠨ᠎ᠤ ᠡᠷᠦᠬᠡ》 ᠵᠢᠨ ᠭᠤᠶᠤᠴᠢᠯᠠᠯ ᠵᠶ᠋ᠠᠷ ᠯᠠᠪᠯᠠᠯᠲᠠ ᠪᠣᠯᠭ᠋ᠠᠵᠤ ᠪᠣᠯᠬᠤ ᠵᠢ ᠲᠣᠳᠣᠷᠬᠠᠢ᠌ᠯᠠᠵᠤ᠂ ᠠᠵᠤ ᠠᠬᠤᠢ ᠵᠢᠨ ᠪᠠᠢ᠌ᠳᠠᠯ᠎ᠢ ᠦᠨᠡᠯᠡᠬᠦ ᠪᠠᠷᠢᠮᠵᠢᠶ᠎ᠠ ᠵᠢ ᠪᠠᠭᠤᠷᠠᠭᠤᠯᠤᠨ᠂ ᠭᠡᠷ ᠪᠦᠯᠢ ᠵᠢᠨ ᠣᠷᠣᠯᠭ᠎ᠠ᠎ᠨᠢ ᠪᠠᠷᠢᠮᠵᠢᠶ᠎ᠠ᠎ᠠᠴᠠ ᠬᠡᠲᠦᠷᠡᠭᠰᠡᠨ᠎ᠠᠴᠠ ᠪᠣᠯᠵᠤ ᠨᠤᠴᠢᠳᠠᠢ ᠵᠡᠮᠳᠡᠭᠴᠦᠳ᠎ᠤᠨ 《ᠳᠠᠭ᠋ᠠᠳᠬᠠᠯ᠎ᠠᠴᠠ ᠭᠣᠭᠣᠵᠢᠭᠳᠠᠭᠰᠠᠨ》 ᠠᠰᠠᠭᠤᠳᠠᠯ᠎ᠢ ᠰᠢᠢ᠍ᠳᠪᠤᠷᠢᠯᠡᠵᠡᠢ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ ᠪᠥᠬᠥ ᠠᠢ᠌ᠮᠠᠭ᠎ᠤᠨ ᠦᠨᠡᠮᠯᠡᠯ᠎ᠲᠠᠢ ᠵᠡᠮᠳᠡᠭ ᠬᠥᠮᠥᠨ 38406 ᠪᠠᠢ᠌ᠵᠤ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ 11761 ᠬᠥᠮᠥᠨ᠎ᠳᠤ ᠣᠷᠣᠵᠤ᠂ ᠪᠦᠷᠬᠦᠴᠡ ᠵᠢᠨ ᠨᠣᠷᠮ᠎ᠠ᠎ᠨᠢ 31%᠂ ᠠᠳᠠᠯᠢ ᠬᠤᠭᠤᠴᠠᠭ᠋ᠠᠨ᠎ᠤ᠎ᠬᠢ᠎ᠠᠴᠠ 2% ᠨᠡᠮᠡᠭᠳᠡᠪᠡ᠃  ᠨᠤᠴᠢᠳᠠᠢ ᠵᠡᠮᠳᠡᠭᠴᠤᠳ  17137᠂ 6193 ᠬᠥᠮᠥᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ ᠣᠷᠣᠵᠤ᠂ ᠪᠦᠷᠬᠦᠴᠡ ᠵᠢᠨ ᠨᠣᠷᠮ᠎ᠠ᠎ᠨᠢ 36% ᠂ ᠠᠳᠠᠯᠢ ᠬᠤᠭᠤᠴᠠᠭ᠋ᠠᠨ᠎ᠤ᠎ᠬᠢ᠎ᠠᠴᠠ 3%᠎ᠪᠠᠷ ᠨᠡᠮᠡᠭᠳᠡᠪᠡ᠃ ᠨᠠᠰᠤᠨ᠎ᠳᠤ ᠬᠦᠷᠦᠭᠰᠡᠨ  ᠨᠤᠴᠢᠳᠠᠢ ᠵᠡᠮᠳᠡᠭᠴᠤᠳ 9037 ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠳᠤ 2560 ᠬᠥᠮᠥᠨ ᠣᠷᠣᠭᠤᠯᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5%᠎ᠪᠠᠷ ᠨᠡᠮᠡᠭᠳᠡᠨ᠂ ᠲᠥᠷᠥ ᠵᠢᠨ ᠪᠣᠳᠣᠯᠭ᠎ᠠ ᠵᠢᠨ ᠨᠠᠷᠢᠯᠢᠭ ᠣᠨᠣᠴᠠᠲᠠᠢ᠎ᠪᠠᠷ ᠪᠠᠲᠤᠯᠠᠬᠤ ᠦᠢ᠍ᠯᠡᠳᠦᠯ ᠴᠢᠳᠠᠪᠤᠷᠢ ᠢᠯᠡᠳᠲᠡ ᠳᠡᠭᠡᠭᠰᠢᠯᠡᠪᠡ᠃


ᠬᠡᠦᠬᠡᠳ᠎ᠤᠨ ᠠᠰᠠᠷᠠᠮᠵᠢ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ  ᠲᠤᠰᠠᠯᠠᠵᠤ ᠬᠠᠮᠠᠭ᠋ᠠᠯᠠᠬᠤ ᠲᠥᠪ᠎ᠤᠨ᠎ᠬᠢᠨ᠎ᠲᠠᠢ ᠬᠠᠮᠲᠤᠷᠠᠨ 《ᠨᠠᠮ᠎ᠤᠨ ᠪᠠᠢ᠌ᠭᠤᠯᠤᠯᠲᠠ᠎ᠪᠠᠷ ᠲᠠᠭ᠋ᠠᠭᠤᠯᠵᠤ ᠪᠠᠢ᠌ᠭ᠋ᠠᠳ ᠬᠡᠤᠬᠡᠳ᠎ᠲᠤ  ᠬᠠᠮᠠᠭ᠋ᠠᠯᠠᠭᠴᠢ ᠪᠤᠯᠬᠤ》 《6 · 1 》᠎ᠤ ᠳᠡᠯᠡᠬᠡᠢ ᠵᠢᠨ ᠬᠡᠦᠬᠡᠳ᠎ᠤᠨ ᠪᠠᠶᠠᠷ᠎ᠤᠨ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠪᠡ᠃ ᠠᠵᠢᠯᠯᠠᠭ᠎ᠠ ᠵᠢᠨ ᠳᠤᠮᠳᠠ᠂ ᠪᠠᠭ᠋ᠠᠴᠤᠳ ᠬᠡᠦᠬᠡᠳ 《ᠦᠨᠳᠦᠰᠦᠲᠡᠨ᠎ᠤ ᠪᠦᠯᠬᠦᠮᠳᠡᠯ᠎ᠤᠨ  ᠬᠣᠩᠭᠢᠯ》᠂ 《  〈ᠠᠨᠠᠷ᠎ᠤᠨ ᠦᠷ᠎ᠡ〉 ᠲᠠᠯᠠᠪᠠᠢ》 ᠵᠡᠷᠭᠡ ᠣᠨᠴᠠᠯᠢᠭᠲᠤ ᠦᠵᠡᠭᠦᠯᠦᠯᠭᠡ ᠵᠢᠨ ᠲᠣᠭᠣᠷᠢᠭ ᠵᠶ᠋ᠠᠷ ᠲᠣᠭᠣᠷᠢᠨ ᠦᠵᠡᠵᠦ  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠣᠢ᠌ᠯᠠᠭ᠋ᠠᠪᠠ᠃ ᠬᠥᠳᠡᠯᠮᠦᠷᠢ ᠵᠢᠨ ᠴᠡᠴᠡᠷᠯᠢᠭ᠎ᠤᠨ ᠠᠮᠢᠲᠠᠨ᠎ᠤ ᠬᠦᠷᠢᠶᠡᠯᠡᠩ᠎ᠳᠤ ᠬᠦᠷᠴᠦ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠶᠠᠯᠠᠯ ᠵᠶ᠋ᠠᠨ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠤᠨ ᠶᠠᠪᠠᠭ᠋ᠠᠨ  ᠵᠶ᠋ᠡᠷ ᠶᠠᠪᠤᠵᠠᠭ᠋ᠠᠨ ᠵᠠᠮ ᠳᠠᠭ᠋ᠠᠤ 《ᠬᠡᠦᠬᠡᠳ᠎ᠤᠨ ᠬᠠᠮᠠᠭ᠋ᠠᠯᠠᠯᠲᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢᠨ ᠺᠠᠷᠲ ᠴᠣᠬᠢᠬᠤ ᠴᠡᠭ》᠎ᠲᠤ ᠲᠤᠬᠯᠠᠵᠤ ᠶᠠᠪᠤᠵᠠᠢ᠃ ᠠᠵᠢᠯᠯᠠᠭ᠎ᠠ᠎ᠨᠢ ᠬᠤᠪᠢᠰᠬᠠᠯ᠎ᠤᠨ ᠬᠥᠮᠦᠵᠢᠯ ᠵᠶ᠋ᠡᠷ ᠰᠦᠭ ᠰᠦᠨᠡᠰᠦ ᠵᠢ ᠱᠤᠭᠤᠵᠤ᠂ ᠤᠯᠠᠮᠵᠢᠯᠠᠯᠲᠤ ᠰᠣᠶᠣᠯ᠎ᠢ ᠤᠮᠳᠠᠯᠠᠵᠤ᠂ ᠬᠠᠢ᠌ᠷ᠎ᠠ ᠬᠠᠯᠠᠮᠵᠢ ᠵᠢᠨ ᠦᠢ᠍ᠯᠡᠴᠢᠯᠡᠭᠡ᠎ᠪᠠᠷ ᠰᠡᠳᠬᠢᠯ᠎ᠢ᠎ᠨᠢ ᠳᠤᠯᠠᠭ᠋ᠠᠴᠠᠭᠤᠯᠵᠤ᠂ ᠪᠠᠭ᠋ᠠᠴᠤᠳ ᠬᠡᠦᠬᠡᠳ᠎ᠲᠤ ᠪᠠᠶᠠᠷ᠎ᠤᠨ ᠡᠳᠦᠷ᠎ᠤᠨ ᠵᠥᠩᠨᠡᠯ ᠳᠡᠪᠰᠢᠭᠦᠯᠵᠡᠢ᠃
 
ᠣᠷᠣᠨ᠎ᠤ ᠭᠠᠳᠠᠨᠠᠬᠢ ᠮᠡᠳᠡᠭᠡ ᠵᠠᠩᠭᠢ


    ᠶᠦᠨᠨᠠᠨ ᠮᠤᠵᠢ ᠵᠢᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠮᠦᠡᠭᠬᠦᠨ ᠬᠦᠢ᠍ᠯᠬᠡᠬᠡᠨ᠎ᠤ 〈ᠲᠠᠪᠤᠨ ᠲᠣᠮᠣ ᠶᠠᠪᠤᠳᠠᠯ〉᠎ᠢ ᠰᠠᠢ᠌ᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ  ᠮᠦᠡᠭᠭᠦᠨ ᠬᠦᠢ᠍ᠯᠡᠬᠡᠬᠡ᠂ ᠵᠦᠢ ᠶᠣᠰᠣᠨ᠎ᠤ ᠮᠦᠡᠭᠭᠦᠨ ᠬᠦᠢ᠍ᠯᠬᠡᠬᠡ᠂ ᠲᠦᠭᠡᠮᠡᠯ ᠬᠠᠷᠠᠭ᠋ᠠᠯᠵᠠᠯᠲᠤ ᠮᠦᠡᠭᠭᠦᠨ ᠬᠦᠢ᠍ᠯᠬᠡᠬᠡ᠂ ᠨᠠᠰᠤᠵᠢᠯ᠎ᠤᠨ ᠠᠰᠠᠷᠠᠮᠵᠢ ᠵᠢᠨ ᠮᠦᠡᠭᠬᠦᠨ ᠬᠦᠢ᠍ᠯᠬᠡᠬᠡ᠂ ᠲᠣᠭ᠋ᠠᠴᠢᠯᠠᠭᠰᠠᠨ ᠮᠦᠡᠭᠬᠦᠨ ᠬᠦᠢ᠍ᠯᠬᠡᠬᠡ ᠵᠢᠨ 〈ᠲᠠᠪᠤᠨ ᠲᠣᠮᠣ ᠶᠠᠪᠤᠳᠠᠯ〉᠎ᠢ ᠰᠠᠢ᠌ᠲᠤᠷ ᠬᠢᠬᠦ ᠵᠢ ᠠᠬᠢᠭᠤᠯᠪᠠ᠃ ᠬᠡᠷᠡᠭᠵᠢᠭᠦᠯᠬᠦ ᠰᠠᠨᠠᠯ᠎ᠳᠤ 《ᠶᠦᠨᠨᠠᠨ᠎ᠤ᠎ᠬᠢᠨ᠎ᠤ ᠠᠮᠢᠳᠤᠷᠠᠯ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠵᠢᠭᠤᠯᠴᠢᠯᠠᠵᠤ ᠰᠠᠭᠤᠭ᠎ᠠ ᠨᠠᠰᠤᠵᠢᠯ᠎ᠤᠨ ᠠᠰᠠᠷᠠᠮᠵᠢ ᠵᠢᠨ ᠣᠯᠠᠨ ᠡᠰᠢᠲᠦ ᠥᠷᠲᠡᠭ᠎ᠢ ᠠᠭᠤᠳᠠᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ᠂ ᠰᠠᠭᠤᠷᠢ ᠲᠥᠬᠦᠭᠡᠷᠦᠮᠵᠢ ᠵᠢᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠂ ᠨᠠᠰᠤᠲᠠᠢ᠌ᠴᠤᠳ᠎ᠤᠨ ᠬᠡᠷᠡᠭᠯᠡᠭᠡᠨ᠎ᠤ ᠡᠳ᠋ ᠦᠢ᠍ᠯᠡᠳᠬᠦ ᠵᠡᠷᠭᠡ ᠮᠥᠩᠭᠥᠨ ᠭᠦᠢ᠍ᠯᠭᠡᠭᠡᠨ᠎ᠤ ᠠᠵᠤ ᠠᠬᠤᠢ ᠵᠢᠨ ᠮᠥᠩᠭᠥᠨ ᠭᠦᠢ᠍ᠯᠭᠡᠭᠡᠨ᠎ᠤ ᠣᠷᠣᠭᠤᠯᠤᠯᠲᠠ ᠵᠢ ᠨᠡᠮᠡᠭᠳᠡᠭᠦᠯᠬᠦ ᠬᠡᠷᠡᠭᠲᠡᠢ᠃ ᠨᠠᠰᠤᠵᠢᠯ᠎ᠤᠨ ᠪᠡᠯᠡ ᠮᠥᠩᠭᠥ ᠵᠢᠨ ᠪᠡᠯᠡ ᠣᠷᠣᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠬᠤᠳᠠᠯᠳᠤᠭ᠋ᠠᠨ᠎ᠤ ᠳᠠᠭ᠋ᠠᠳᠬᠠᠯ᠎ᠤᠨ ᠮᠥᠩᠭᠥᠨ ᠭᠦᠢ᠍ᠯᠭᠡᠭᠡᠨ᠎ᠤ ᠮᠡᠳᠡᠯᠭᠡ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ ᠨᠠᠰᠤᠲᠠᠢ᠌ᠴᠤᠳ᠎ᠲᠤ ᠬᠣᠯᠪᠣᠭᠳᠠᠭᠰᠠᠨ ᠬᠠᠤᠯᠢ ᠪᠤᠰᠤ ᠮᠥᠩᠭᠥᠨ ᠭᠦᠢ᠍ᠯᠭᠡᠭᠡᠨ᠎ᠤ ᠠᠵᠢᠯᠯᠠᠭ᠎ᠠ ᠵᠢ ᠰᠡᠷᠭᠡᠢ᠌ᠯᠡᠬᠦ ᠪᠠ ᠲᠡᠭᠦᠨ᠎ᠳᠤ ᠴᠣᠬᠢᠯᠲᠠ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ ᠨᠠᠰᠤᠲᠠᠢ᠌ᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠬᠡᠷᠡᠭᠳᠡᠢ ᠭᠡᠵᠤ ᠴᠢᠬᠤᠯᠠᠴᠢᠯᠠᠬᠰᠠᠨ ᠪᠠᠢ᠌ᠨ᠎ᠠ᠃
 
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.11
 
            