ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 5 ᠳ᠋ᠤᠭ᠋ᠠᠷ ᠰᠠᠷ᠎ᠠ ᠵᠢᠨ 27᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠠᠮᠲᠤᠷᠠᠨ ᠬᠤᠳᠤᠡᠭᠴᠤᠳ᠎ᠤᠨ ᠲᠣᠭᠣᠷᠢᠭ᠎ᠤᠨ ᠳᠠᠭ᠋ᠠᠯᠲᠠ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ》 ᠰᠡᠳᠤᠪᠳᠤ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠰᠠᠢ᠌ᠨ ᠲᠤᠷ᠎ᠠ ᠵᠢᠨ ᠠᠵᠢᠯᠯᠠᠭ᠎ᠠ ᠦᠷᠨᠢᠬᠦᠯᠤᠯ᠎ᠡ᠃
ᠠᠵᠢᠯᠯᠠᠭ᠎ᠠ᠎ᠨᠢ 《ᠲᠥᠷᠥ ᠵᠢᠨ ᠪᠣᠳᠣᠯᠭ᠎ᠠ ᠵᠢᠨ ᠤᠬᠠᠭᠤᠯᠭ᠎ᠠ + ᠡᠷᠡᠭᠦᠯ ᠮᠡᠨᠳᠦ ᠵᠢᠨ ᠠᠯᠪᠠᠨ ᠵᠢᠷᠤᠮ᠎ᠤᠨ ᠡᠮᠴᠢᠯᠡᠭᠡ》 ᠪᠣᠯᠣᠨ ᠳᠤᠷ᠎ᠠ ᠰᠣᠨᠢᠷᠬᠠᠯ᠎ᠤᠨ ᠦᠢ᠍ᠯᠡᠳᠦᠯᠴᠡᠯ᠎ᠢ ᠤᠶᠠᠯᠳᠤᠭᠤᠯᠬᠤ ᠬᠡᠯᠪᠡᠷᠢ᠎ᠪᠠᠷ ᠳᠡᠮᠵᠢᠵᠦ᠂ ᠲᠤᠬᠠᠢ ᠵᠢᠨ ᠲᠠᠯᠠᠪᠤᠷ᠎ᠲᠤ ᠰᠠᠭᠤᠭ᠋ᠠᠯᠢ ᠠᠷᠠᠳ᠎ᠲᠤ ᠹᠢᠽᠢᠺ ᠵᠠᠰᠠᠯ᠎ᠤᠨ ᠪᠠᠢ᠌ᠴᠠᠭ᠋ᠠᠯᠲᠠ᠂ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢ ᠤᠢ᠌ᠯᠠᠭ᠋ᠠᠬᠤ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠪᠠ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡ ᠬᠢᠵᠦ᠂ ᠠᠷᠠᠳ᠎ᠤᠨ ᠶᠠᠪᠤᠳᠠᠯ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷ ᠲᠦᠷᠦ ᠵᠢᠨ ᠪᠣᠳᠣᠯᠭ᠎ᠠ ᠵᠢᠨ ᠤᠬᠠᠭᠤᠯᠤᠭᠴᠢ ᠪᠣᠯᠵᠤ᠂ ᠰᠠᠭᠤᠭ᠋ᠠᠯᠢ ᠠᠷᠠᠳ᠎ᠤᠨ ᠬᠠᠯᠠᠮᠵᠢᠯᠠᠵᠤ ᠪᠠᠢ᠌ᠭ᠎ᠠ ᠨᠠᠮ᠎ᠤᠨ ᠦᠨᠳᠦᠰᠦᠲᠡᠨ᠎ᠤ ᠲᠦᠷᠦ ᠵᠢᠨ ᠪᠣᠳᠣᠯᠭ᠎ᠠ᠂ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ᠎ᠳᠤ ᠲᠦᠬᠦᠮ ᠣᠢ᠌ᠯᠠᠭ᠋ᠠᠮᠵᠢᠲᠠᠢ ᠦᠭᠡ ᠬᠡᠯᠡ᠎ᠪᠠᠷ ᠬᠠᠷᠢᠭᠤᠯᠲᠠ ᠥᠭᠴᠦ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠤᠬᠠᠭᠤᠯᠭ᠎ᠠ ᠵᠢᠨ ᠭᠠᠷ ᠤᠭᠤᠲᠠ᠂ ᠬᠢᠲᠠᠳ ᠡᠮ᠎ᠤᠨ ᠦᠨᠦᠷᠲᠦ ᠬᠠᠪᠲᠠᠭ᠎ᠠ ᠵᠡᠷᠭᠡ ᠭᠠᠷᠤᠨ ᠪᠡᠯᠡᠭ ᠬᠦᠷᠭᠡᠵᠦ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠲᠤ ᠨᠠᠮ᠎ᠤᠨ ᠬᠠᠢ᠌ᠷ᠎ᠠ ᠬᠠᠯᠠᠮᠵᠢ ᠵᠢ ᠦᠨᠡᠨ ᠬᠦ᠌ ᠬᠦᠷᠲᠡᠭᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠠᠢ᠃
ᠲᠣᠰ ᠠᠵᠢᠯᠯᠠᠭ᠎ᠠ᠎ᠨᠢ ᠦᠨᠳᠦᠰᠦᠲᠡᠨ᠎ᠤ ᠪᠦᠯᠬᠦᠮᠳᠡᠯ᠎ᠤᠨ ᠬᠦᠴᠦᠨ᠎ᠢ ᠪᠦᠲᠦᠮᠵᠢᠲᠡᠶ ᠨᠢᠭᠲᠠᠷᠠᠭᠤᠯᠵᠤ᠂ ᠣᠯᠠᠨ ᠲᠦᠮᠡᠨ᠎ᠤ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠦᠨᠳᠦᠰᠦᠲᠡᠨ᠎ᠤ ᠪᠦᠯᠬᠦᠮᠳᠡᠯ᠂ ᠡᠷᠡᠭᠦᠯ ᠮᠡᠨᠳᠦ ᠵᠢᠨ ᠬᠠᠮᠠᠭ᠋ᠠᠯᠠᠯᠲᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠨᠠᠮ᠎ᠤᠨ ᠦᠨᠳᠦᠰᠦᠲᠡᠨ᠎ᠤ ᠣᠨᠣᠯ᠎ᠤᠨ ᠲᠥᠷᠥ ᠵᠢᠨ ᠪᠣᠳᠣᠯᠭ᠎ᠠ ᠪᠠ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠬᠠᠷᠢᠯᠴᠠᠨ ᠤᠶᠠᠯᠳᠤᠭᠤᠯᠵᠤ᠂ ᠤᠬᠠᠭᠤᠯᠬᠤ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠵᠢᠯᠤᠭᠣᠳᠴᠤ ᠪᠠᠢ᠌ᠭ᠋ᠠᠳ ᠨᠠᠮ᠎ᠤᠨ ᠠᠴᠢ ᠵᠢ ᠦᠨᠡᠨ ᠰᠡᠳᠬᠢᠯ᠎ᠠᠴᠠ᠎ᠪᠠᠨ ᠮᠡᠳᠡᠷᠡᠭᠦᠯᠵᠦ᠂ ᠨᠠᠮ᠎ᠤᠨ ᠦᠭᠡ ᠵᠢ ᠰᠤᠨᠤᠰᠤᠨ᠂ ᠨᠠᠮ ᠵᠶ᠋ᠠᠨ ᠳᠠᠭ᠋ᠠᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ》᠎ᠳᠤ ᠠᠷᠠᠳ᠎ᠤᠨ ᠶᠠᠪᠤᠳᠠᠯ᠎ᠤᠨ ᠰᠢᠨ᠎ᠡ ᠬᠤᠪᠢ ᠨᠡᠮᠡᠷᠢ ᠵᠢ ᠦᠵᠡᠬᠦᠯᠬᠦ ᠪᠤᠯᠤᠨ᠎ᠠ᠃