ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.4
ᠨᠡᠶᠢᠲᠡᠯᠡᠭᠰᠡᠨ ᠴᠠᠭ᠄ 2025-06-05

ᠴᠢᠬᠤᠯᠠ ᠮᠡᠳᠡᠭᠡ


    ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ 《ᠠᠷᠠᠳ᠎ᠤᠨ ᠡᠳᠦᠷ᠎ᠤᠨ ᠰᠣᠨᠢᠨ》᠎ᠳᠤ 《ᠠᠰᠠᠷᠠᠮᠵᠢ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠬᠦᠯᠳᠡᠷᠵᠢᠬᠦᠯᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠤᠶᠠᠨ ᠵᠢᠷᠭ᠋ᠠᠯ᠎ᠢ ᠨᠡᠮᠡᠭᠳᠡᠬᠦᠯᠤᠶ᠎ᠡ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠳᠤ 《ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠵᠢᠯ᠎ᠢ ᠤᠯᠠᠮ  ᠴᠢᠩᠭ᠋ᠠᠳᠬᠠᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》᠎ᠢ ᠨᠠᠢ᠌ᠳᠠᠪᠤᠷᠢᠵᠢᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠢᠨ ᠴᠢᠬᠤᠯᠠ ᠠᠴᠢ ᠬᠣᠯᠪᠣᠭᠳᠠᠯ ᠎ᠢ ᠭᠦᠨᠵᠡᠭᠡᠢ ᠲᠠᠨᠢᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠵᠢᠯ᠎ᠢ ᠤᠯᠠᠮ ᠴᠢᠩᠭ᠋ᠠᠳᠬᠠᠬᠤ ᠵᠢᠨ ᠬᠦᠴᠦᠯᠡᠬᠦ ᠭᠣᠣᠯᠳᠠᠯᠭ᠎ᠠ ᠵᠢ ᠣᠨᠣᠪᠴᠢᠲᠠᠶ ᠡᠵᠡᠮᠳᠡᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠬᠦᠴᠦᠷᠬᠡᠭ ᠬᠠᠮ ᠬᠦᠴᠦᠨ᠎ᠢ ᠨᠢᠭᠲᠠᠷᠠᠭᠤᠯᠵᠤ᠂ 《ᠰᠠᠨᠠᠯ》᠎ᠤᠨ ᠨᠠᠢ᠌ᠳᠠᠪᠤᠷᠢᠵᠢᠭᠤᠯᠤᠯᠲᠠ ᠵᠢ ᠬᠢᠨᠠᠮᠠᠭ᠋ᠠᠢ ᠰᠠᠢ᠌ᠲᠤᠷ ᠠᠳᠬᠤᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯ᠎ᠢ ᠰᠡᠳᠬᠢᠯ ᠲᠠᠯᠪᠢᠨ ᠬᠦᠴᠦ ᠣᠷᠣᠭᠤᠯᠤᠨ ᠰᠠᠢ᠌ᠲᠤᠷ ᠬᠢᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ ᠬᠡᠵᠡᠢ᠃


ᠨᠡᠢ᠌ᠭᠡᠮ᠎ᠤᠨ ᠶᠠᠪᠤᠳᠠᠯ


     ᠤᠷᠴᠢᠮ᠎ᠳᠤ ᠬᠤᠷᠠᠯᠳᠤᠬᠰᠠᠨ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠷᠪᠠᠨ ᠳᠣᠯᠣᠳᠤᠭ᠋ᠠᠷ ᠬᠤᠷᠠᠯᠳᠤᠭ᠋ᠠᠨ ᠲᠡᠬᠡᠷ᠎ᠡ 《ᠬᠥᠬᠡᠬᠣᠲᠠ ᠵᠢᠨ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》᠎ᠢ ᠵᠥᠪᠰᠢᠶᠡᠷᠡᠭᠰᠡᠨ ᠰᠢᠢ᠍ᠳᠪᠦᠷᠢ ᠵᠢ ᠪᠠᠲᠤᠯᠠᠪᠠ᠃ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠦᠷᠢᠮ》᠎ᠢ 7 ᠪᠦᠯᠦᠭ 57 ᠵᠦᠢ᠍ᠯ ᠪᠠᠢ᠌ᠭᠰᠠᠨ᠎ᠠᠴᠠ 6 ᠪᠦᠯᠦᠭ 55 ᠵᠦᠢ᠍ᠯ ᠪᠣᠯᠭ᠋ᠠᠨ ᠣᠷᠣᠰᠢᠭᠤᠯᠭ᠎ᠠ ᠵᠢᠨ ᠥᠭᠡᠷᠡᠴᠢᠯᠡᠯᠲᠡ ᠵᠢ ᠠᠬᠢᠭᠤᠯᠬᠤ᠂ ᠣᠷᠣᠰᠢᠭᠤᠯᠭ᠎ᠠ ᠵᠢᠨ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠂ ᠨᠡᠶ᠋ᠢᠲᠡ ᠵᠢᠨ ᠤᠩᠭᠤᠨ ᠬᠢᠭᠡᠳ ᠴᠢᠨᠳᠠᠷ᠎ᠤᠨ ᠲᠠᠩᠬᠢᠮ᠎ᠤᠨ ᠪᠦᠲᠦᠭᠡᠨ ᠪᠠᠢ᠌ᠭᠤᠯᠤᠯᠲᠠ ᠡᠵᠡᠩᠨᠡᠯᠲᠡ ᠵᠢ ᠵᠢᠷᠤᠮᠵᠢᠭᠤᠯᠬᠤ᠂ ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠵᠢ ᠲᠡᠬᠦᠯᠳᠡᠷᠵᠢᠬᠦᠯᠬᠦ ᠵᠢᠨ ᠬᠠᠮᠲᠤ ᠬᠠᠤᠯᠢ ᠵᠢ ᠵᠥᠷᠢᠴᠡᠭᠰᠡᠨ ᠪᠠᠢ᠌ᠳᠠᠯ  ᠪᠠ ᠰᠢᠢ᠍ᠳᠬᠡᠬᠦ ᠠᠷᠭ᠎ᠠ ᠵᠢ ᠲᠣᠳᠣᠷᠬᠠᠢ᠌ᠯᠠᠬᠤ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠵᠢᠷᠤᠮᠵᠢᠭᠤᠯᠵᠤ᠂ ᠣᠷᠣᠰᠢᠭᠤᠯᠭ᠎ᠠ ᠵᠢᠨ ᠦᠢ᠍ᠯᠡᠰ᠎ᠤᠨ ᠡᠷᠡᠭᠦᠯ ᠬᠦᠭᠵᠢᠯᠳᠡ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭ᠋ᠠᠪᠠ᠃


ᠣᠷᠣᠨ  ᠬᠤᠪᠢᠶᠠᠷᠢᠯᠠᠯ ᠭᠠᠵᠠᠷ᠎ᠤᠨ ᠨᠡᠷᠡᠰ


      ᠪᠠᠶᠠᠨᠨᠠᠭᠤᠷ ᠬᠣᠲᠠ ᠪᠣᠯᠣᠨ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠠᠮᠲᠤᠷᠠᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ᠎ᠢ ᠲᠤᠬᠠᠢ ᠵᠢᠨ ᠭᠠᠵᠠᠷ᠎ᠲᠤ᠎ᠨᠢ ᠬᠠᠮᠲᠤᠷᠠᠨ ᠪᠠᠢ᠌ᠴᠠᠭ᠋ᠠᠵᠤ᠂ ᠬᠣᠶᠠᠷ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠪᠦᠯᠬᠦᠮ ᠳᠠᠭ᠋ᠠᠭᠤᠯᠤᠨ 346 ᠺᠢᠯᠣᠮᠧᠲᠷ᠎ᠤᠨ ᠵᠠᠭ᠋ᠠᠭ ᠵᠶ᠋ᠡᠷ ᠭᠤᠷᠪᠠᠨ ᠬᠤᠨᠤᠭ ᠪᠠᠢ᠌ᠴᠠᠭ᠋ᠠᠪᠠ ᠃ 《ᠰᠢᠨᠵᠢᠯᠡᠬᠦ ᠤᠬᠠᠭ᠋ᠠᠨ ᠮᠡᠷᠭᠡᠵᠢᠯ + ᠭᠠᠡᠭ ᠲᠦᠷᠤᠬᠡ》 ᠵᠠᠭᠪᠤᠷ ᠵᠶ᠋ᠡᠷ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠪᠠᠢ᠌ᠷᠢ ᠲᠣᠭᠲᠠᠭ᠋ᠠᠬᠤ ᠮᠡᠷᠭᠡᠵᠢᠯ᠎ᠢ ᠬᠡᠷᠡᠭᠯᠡᠨ᠂ ᠵᠠᠭ᠋ᠠᠭ ᠱᠣᠩ᠎ᠤᠨ ᠴᠢᠭ᠎ᠤᠨ ᠣᠷᠣᠨ ᠪᠠᠢ᠌ᠷᠢ ᠵᠢᠨ ᠪᠣᠳᠠᠰ᠎ᠤᠨ ᠬᠤᠪᠢᠷᠠᠯᠲᠠ᠂ ᠭᠠᠵᠠᠷ᠎ᠤᠨ ᠲᠥᠷᠬᠦ ᠵᠢᠨ ᠣᠳᠣᠬᠢ ᠪᠠᠢ᠌ᠳᠠᠯ᠎ᠢ ᠭᠣᠣᠯᠳᠠᠯᠭ᠎ᠠ᠎ᠲᠠᠢ ᠬᠠᠷᠭᠤᠭᠤᠯᠤᠨ ᠪᠠᠢ᠌ᠴᠠᠭ᠋ᠠᠵᠤ᠂ ᠬᠢᠯᠢ ᠵᠢᠨ ᠴᠢᠭᠯᠡᠯ᠎ᠤᠨ ᠬᠠᠨᠳᠤᠰᠢ ᠪᠠ ᠬᠣᠶᠠᠷ ᠲᠠᠯ᠎ᠠ ᠵᠢᠨ ᠬᠤᠪᠢᠷᠠᠯᠲᠠ ᠵᠢ ᠨᠢᠮᠪᠠᠢ ᠰᠢᠨᠵᠢᠯᠡᠵᠦ ᠲᠡᠮᠳᠡᠭᠯᠡᠵᠡᠢ᠃ ᠬᠠᠮᠲᠤᠷᠠᠭᠰᠠᠨ ᠪᠠᠢ᠌ᠴᠠᠭ᠋ᠠᠯᠲᠠ ᠵᠢᠨ ᠲᠠᠷᠠᠭ᠎ᠠ ᠬᠣᠶᠠᠷ ᠲᠠᠯ᠎ᠠ᠎ᠪᠠᠷ ᠵᠶ᠋ᠠᠨ ᠬᠠᠮᠲᠤᠷᠠᠭᠰᠠᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢᠨ ᠪᠣᠷᠣ ᠲᠥᠯᠥᠪ᠎ᠢ ᠶᠠᠷᠢᠯᠴᠠᠨ ᠲᠤᠭᠤᠷᠪᠢᠬᠤ ᠵᠢᠨ ᠬᠠᠮᠲᠤ 《ᠠᠮᠤᠷ ᠠᠮᠤᠭᠤᠯᠠᠩ ᠬᠢᠯᠢ ᠵᠢᠨ ᠵᠠᠭ᠋ᠠᠭ᠎ᠤᠨ ᠬᠡᠯᠡᠯᠴᠡᠭᠡᠷ᠎ᠤᠨ ᠪᠢᠴᠢᠭ》᠎ᠲᠤ ᠭᠠᠷ᠎ᠤᠨ ᠦᠰᠦᠭ ᠵᠢᠷᠤᠵᠤ᠂ ᠬᠢᠯᠢ ᠵᠢᠨ ᠵᠠᠭ᠋ᠠᠭ᠎ᠲᠠᠬᠢ ᠭᠠᠵᠠᠷ ᠣᠷᠣᠨ᠎ᠤ ᠡᠶ᠎ᠡ ᠵᠣᠬᠢᠴᠠᠩᠭᠤᠢ ᠲᠣᠭᠲᠠᠭᠤᠨ᠎ᠢ ᠬᠠᠮᠠᠭ᠋ᠠᠯᠠᠬᠤ᠎ᠳᠤ ᠪᠠᠲᠤᠯᠠᠭ᠎ᠠ  ᠬᠠᠡᠭᠭ᠋ᠠᠬᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠠᠷᠢᠯᠴᠠᠨ ᠬᠠᠪᠰᠤᠷᠤᠯᠴᠠᠬᠤ ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠠᠰᠠᠷᠠᠮᠵᠢ ᠵᠢᠨ ᠬᠦᠷᠢᠶᠡᠯᠡᠡᠭ ᠪᠠ ᠠᠷᠠᠳ᠎ᠤᠨ ᠬᠠᠮᠢᠶᠠᠷᠤᠯᠲᠠ ᠵᠢᠨ ᠵᠥᠪᠯᠡᠯ ᠪᠠᠶ᠋ᠢᠭᠤᠯᠬᠤ ᠵᠢ ᠵᠣᠷᠢᠭᠵᠢᠭᠤᠯᠵᠤ᠂ 《ᠳᠥᠷᠪᠡᠨ ᠪᠢᠴᠢᠯ ᠥᠪᠡᠷᠲᠡᠭᠡᠨ ᠵᠠᠰᠠᠬᠤ》 ᠵᠠᠭᠪᠤᠷ  ᠪᠠ ᠠᠷᠠᠳ᠎ᠤᠨ ᠬᠠᠷᠢᠯᠴᠠᠨ ᠬᠠᠪᠰᠤᠷᠤᠯᠴᠠᠬᠤ ᠲᠣᠭᠲᠠᠴᠠ᠎ᠪᠠᠷ ᠳᠠᠮᠵᠢᠭᠤᠯᠤᠨ  ᠨᠠᠰᠤᠵᠢᠯ᠎ᠤᠨ ᠠᠰᠠᠷᠠᠮᠵᠢ ᠵᠢᠨ ᠬᠦᠷᠢᠶᠡᠯᠡᠩ᠎ᠤᠨ ᠪᠦᠬᠦᠯᠢ ᠴᠣᠭᠴᠠ ᠵᠢᠨ ᠳᠦᠷᠰᠦ ᠪᠠᠢ᠌ᠳᠠᠯ ᠪᠠ ᠵᠣᠯ ᠵᠢᠷᠭ᠋ᠠᠯ᠎ᠤᠨ ᠵᠢᠭ᠋ᠠᠯᠲᠠ ᠲᠣᠭ᠎ᠠ ᠵᠢ ᠳᠡᠭᠡᠭᠰᠢᠯᠡᠭᠦᠯᠪᠡ᠃ ᠬᠦᠷᠢᠶᠡᠯᠡᠩ᠎ᠤᠨ ᠠᠷᠠᠳ᠎ᠤᠨ ᠬᠠᠮᠢᠶᠠᠷᠤᠯᠲᠠ ᠵᠢᠨ ᠵᠥᠪᠯᠡᠯ᠎ᠤᠨ ᠲᠤᠤᠷ᠎ᠠ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠂ ᠬᠠᠮᠢᠶᠠᠷᠴᠤ ᠬᠠᠮᠠᠭ᠋ᠠᠯᠠᠬᠤ ᠰᠡᠯᠪᠢᠨ ᠵᠠᠰᠠᠬᠤ᠂ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠠᠶᠤᠯ ᠦᠬᠡᠢ ᠵᠢᠨ ᠬᠠᠮᠠᠭ᠋ᠠᠯᠠᠯᠲᠠ᠂ ᠠᠮᠢᠳᠤᠷᠠᠯ᠎ᠤᠨ ᠬᠠᠷᠠᠭ᠋ᠠᠯᠵᠠᠯ᠎ᠤᠨ ᠳᠤᠭᠤᠢ᠌ᠯᠠᠩ ᠪᠠᠢ᠌ᠭᠤᠯᠵᠤ᠂ 《ᠪᠢᠴᠢᠯ ᠵᠣᠬᠢᠶᠠᠨ ᠪᠠᠢ᠌ᠭᠤᠯᠤᠯᠲᠠ᠂ ᠪᠢᠴᠢᠯ ᠵᠥᠪᠳᠡᠯᠴᠡᠭᠡ᠂ ᠪᠢᠴᠢᠯ ᠦᠢ᠍ᠯᠡᠴᠢᠯᠡᠭᠡ᠂ ᠪᠢᠴᠢᠯ ᠬᠠᠮᠢᠶᠠᠷᠤᠯᠲᠠ》 ᠵᠢᠨ ᠠᠷᠭ᠎ᠠ᠎ᠤ ᠠᠰᠠᠷᠠᠮᠵᠢ ᠵᠢᠨ ᠬᠦᠷᠢᠶᠡᠯᠡᠩ᠎ᠤᠨ ᠳᠣᠲᠣᠷᠠᠬᠢ ᠠᠮᠢᠳᠤᠷᠠᠯ᠎ᠤᠨ ᠬᠠᠷᠠᠭ᠋ᠠᠯᠵᠠᠯ᠂ ᠰᠣᠶᠣᠯ  ᠴᠡᠡᠭᠭᠡᠬᠦᠨ ᠵᠡᠷᠭᠡ ᠠᠵᠢᠯᠯᠠᠭ᠎ᠠ᠎ᠳᠤ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠬᠡᠷᠡᠭᠵᠢᠭᠦᠯᠵᠦ᠂ ᠦᠨᠳᠦᠰᠦᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠪᠡᠷᠲᠡᠭᠡᠨ ᠵᠠᠰᠠᠬᠤ ᠲᠦᠪᠰᠢᠨ᠎ᠢ ᠪᠦᠲᠦᠮᠵᠢᠲᠡᠶ ᠠᠬᠢᠭᠤᠯᠪᠠ᠃


ᠬᠡᠦᠬᠡᠳ᠎ᠤᠨ ᠠᠰᠠᠷᠠᠮᠵᠢ


    《6 · 1》 ᠎ᠤ ᠳᠡᠯᠡᠬᠡᠢ ᠵᠢᠨ ᠬᠡᠦᠬᠡᠳ᠎ᠤᠨ ᠪᠠᠶᠠᠷ ᠪᠣᠯᠣᠨ ᠲᠠᠪᠤᠨ ᠰᠠᠷ᠎ᠠ ᠵᠢᠨ ᠰᠢᠨ᠎ᠡ ᠵᠢᠨ ᠲᠠᠪᠤᠨ᠎ᠤ ᠪᠠᠶᠠᠷ᠎ᠤᠨ ᠬᠤᠭᠤᠴᠠᠭ᠋ᠠᠨ᠎ᠳᠤ ᠪᠤᠭᠤᠲᠤ ᠬᠤᠳᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠤᠯᠠᠨ ᠰᠠᠯᠠᠭ᠎ᠠ ᠮᠥᠴᠢᠷ᠎ᠤᠨ᠎ᠬᠢᠨ᠎ᠲᠠᠢ ᠬᠣᠯᠪᠤᠭ᠋ᠠᠯᠠᠨ ᠬᠥᠳᠡᠯᠦᠯᠴᠡᠵᠦ  《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ᠎ᠳᠤ ᠬᠠᠨᠢ ᠪᠣᠯᠵᠤ ᠰᠡᠳᠬᠢᠯ ᠵᠶ᠋ᠡᠨ ᠨᠢᠭᠡᠳᠬᠡᠨ ᠢᠷᠡᠭᠡᠳᠦᠢ ᠵᠢ ᠬᠠᠮᠠᠭ᠋ᠠᠯᠠᠬᠤ》᠎ᠪᠠᠷ ᠭᠣᠣᠯ ᠰᠡᠳᠦᠪ ᠪᠣᠯᠭ᠋ᠠᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡ ᠵᠢ  ᠦᠷᠨᠢᠬᠦᠯᠬᠦ᠎ᠳᠤ᠎ᠪᠠᠨ ᠪᠤᠭᠤᠳᠤ ᠬᠣᠲᠠ᠎ᠳᠤ ᠣᠯᠠᠨ ᠲᠠᠰ ᠳᠠᠪᠬᠤᠷᠭ᠎ᠠ ᠵᠢᠨ᠂ ᠪᠣᠰᠣᠭ᠎ᠠ ᠴᠣᠭᠴᠠᠲᠤ ᠠᠵᠢᠯᠯᠠᠭ᠎ᠠ ᠵᠢ35 ᠲᠠᠯᠠᠪᠠᠢ ᠡᠷᠭᠢᠯᠡᠵᠦ᠂ 2180 ᠬᠡᠦᠬᠡᠳ᠎ᠢ ᠬᠠᠮᠤᠷᠴᠤ᠂ ᠬᠠᠨᠳᠢᠪᠯᠡᠭ᠍ᠰᠠᠨ ᠡᠳ᠋ ᠪᠣᠳᠠᠰ᠎ᠤᠨ ᠥᠷᠲᠡᠭ᠎ᠨᠢ 7 ᠲᠦᠮᠡᠨ ᠲᠥᠭᠥᠷᠢᠭ᠎ᠢ ᠳᠠᠪᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠥᠨᠥᠴᠢᠨ ᠵᠡᠮᠳᠡᠭ ᠬᠡᠦᠬᠡᠳ᠎ᠲᠤ ᠪᠣᠶ᠋ᠢᠵᠢᠯᠲᠠ ᠵᠢᠨ ᠬᠠᠮᠠᠭ᠋ᠠᠯᠠᠯᠲᠠ ᠵᠢᠨ ᠲᠤᠤᠷᠵᠢᠯ ᠊ᠷ ᠰᠦᠯᠵᠢᠵᠦ᠂ ᠪᠠᠶᠠᠷ᠎ᠤᠨ ᠡᠳᠦᠷ᠎ᠲᠠᠬᠢ ᠬᠠᠢ᠌ᠷ᠎ᠠ ᠬᠠᠯᠠᠮᠵᠢ ᠵᠢ ᠪᠣᠳᠠᠲᠤ ᠠᠵᠢᠯᠯᠠᠭ᠎ᠠ᠎ᠪᠠᠷ ᠵᠶ᠋ᠠᠨ ᠳᠠᠮᠵᠢᠭᠤᠯᠵᠠᠢ᠃

 

 
 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.11
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.12
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
《〈ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ〉 ᠭᠤᠤᠯ ᠰᠡᠳᠤᠪᠳᠤ ᠠᠵᠢᠯᠯᠠᠭ᠎ᠠ》 — ᠤᠯᠠᠭ᠋ᠠᠨᠴᠠᠪ ᠬᠣᠲᠠ ᠵᠢᠨ᠎ᠬᠢᠨ 《ᠰᠡᠳᠬᠢᠯ᠎ᠢ᠎ᠨᠢ ᠤᠮᠳᠠᠯᠠᠵᠤ ᠦᠰᠦᠨ ᠪᠣᠶ᠋ᠢᠵᠢᠯᠲᠠ ᠵᠢ᠎ᠨᠢ ᠬᠠᠮᠠᠭ᠋ᠠᠯᠠᠬᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠥᠷᠨᠢᠭᠦᠯᠵᠦ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠦᠰᠦᠨ ᠪᠣᠶ᠋ᠢᠵᠢᠯᠲᠠ ᠵᠢ ᠬᠠᠮᠠᠭ᠋ᠠᠯᠠᠬᠤ ᠲᠣᠣᠷ᠎ᠢ ᠪᠠᠳᠤ ᠰᠦᠯᠵᠢᠵᠤ ᠪᠠᠢ᠌ᠨ᠎ᠠ
 
            