ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.3
ᠨᠡᠶᠢᠲᠡᠯᠡᠭᠰᠡᠨ ᠴᠠᠭ᠄ 2025-06-05

ᠠᠷᠠᠳ᠎ᠤᠨ ᠶᠠᠪᠤᠳᠠᠯ᠎ᠤᠨ ᠶᠠᠮᠤᠨ


     ᠠᠷᠠᠳ᠎ᠤᠨ ᠶᠠᠪᠤᠳᠠᠯ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ 5 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ ᠮᠡᠳᠡᠭᠳᠡᠯ ᠨᠡᠢ᠌ᠲᠡᠯᠡᠵᠦ᠂ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ 《6 · 1》᠎ᠤ ᠳᠡᠯᠡᠬᠡᠢ ᠵᠢᠨ ᠬᠡᠦᠬᠡᠳ᠎ᠤᠨ ᠪᠠᠶᠠᠷ ᠵᠡᠷᠭᠡ ᠵᠠᠩᠭᠢᠯᠠᠭ᠎ᠠ ᠵᠢᠨ ᠴᠠᠭ᠎ᠲᠤ 2025 ᠣᠨ᠎ᠤ 《ᠰᠡᠳᠬᠢᠯ᠎ᠢ᠎ᠨᠢ ᠤᠮᠳᠠᠯᠠᠵᠤ ᠦᠰᠦᠨ ᠪᠤᠢ᠌ᠵᠢᠯᠳᠠ᠎ᠳᠤ᠎ᠨᠢ ᠬᠦᠴᠤ᠎ᠪᠠᠨ ᠬᠠᠮᠳᠤᠳᠬᠠᠵᠤ᠂ ᠰᠡᠳᠬᠢᠯ ᠵᠶ᠋ᠡᠨ ᠨᠢᠭᠡᠳᠬᠡᠨ ᠬᠡᠤᠬᠡᠳ᠎ᠢ ᠬᠠᠮᠠᠭ᠋ᠠᠯᠠᠬᠤ》 ᠭᠣᠣᠯ ᠰᠡᠳᠦᠪᠲᠦ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠦᠰᠦᠨ  ᠪᠤᠢ᠌ᠵᠢᠯᠳᠠ ᠵᠢ ᠨᠠᠩ ᠰᠠᠢ᠌ᠲᠤᠷ ᠠᠬᠢᠭᠤᠯᠬᠤ ᠬᠡᠷᠡᠭᠲᠡᠢ ᠭᠡᠵᠡᠢ᠃ ᠮᠡᠳᠡᠭᠳᠡᠯ᠎ᠳᠤ ᠰᠡᠳᠬᠢᠴᠡ ᠵᠢᠨ ᠡᠷᠡᠭᠦᠯ ᠮᠡᠨᠳᠦ ᠵᠢᠨ ᠦᠨᠡᠯᠡᠯᠳᠡ ᠵᠢ ᠴᠢᠩᠭ᠋ᠠᠳᠬᠠᠬᠤ᠂ ᠭᠣᠣᠯ ᠰᠡᠳᠦᠪᠲᠦ ᠬᠠᠯᠠᠮᠵᠢᠯᠠᠬᠤ ᠠᠵᠢᠯᠯᠠᠭ᠎ᠠ ᠵᠢ ᠥᠷᠨᠢᠭᠦᠯᠬᠦ᠂ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠥᠷᠭᠡᠳᠬᠡᠬᠦ᠂ ᠨᠡᠢ᠌ᠭᠡᠮ᠎ᠤᠨ᠎ᠬᠢᠨ᠎ᠤ ᠥᠷᠭᠡᠨ ᠵᠶ᠋ᠡᠷ ᠤᠷᠤᠯᠴᠠᠭᠤᠯᠬᠤ᠎ᠪᠠᠷ ᠵᠢᠯᠤᠭᠣᠳᠬᠤ᠂ ᠲᠣᠭ᠋ᠠᠴᠢᠯᠠᠭᠰᠠᠨ ᠡᠨᠧᠷᠭᠢ ᠣᠯᠭᠣᠵᠤ ᠦᠷ᠎ᠡ ᠠᠰᠢᠭ᠎ᠢ ᠨᠡᠮᠡᠭᠳᠡᠭᠦᠯᠬᠦ ᠵᠢ ᠰᠦᠪᠡᠭᠴᠢᠯᠡᠬᠦ ᠵᠡᠷᠭᠡ 5 ᠲᠠᠯ᠎ᠠ᠎ᠪᠠᠷ ᠪᠠᠢ᠌ᠷᠢᠯᠠᠭᠤᠯᠪᠠ᠃


ᠨᠡᠢ᠌ᠭᠡᠮ᠎ᠤᠨ ᠶᠠᠪᠤᠳᠠᠯ


    ᠰᠢᠯᠢ ᠵᠢᠨ ᠭᠣᠣᠯ ᠠᠢ᠌ᠮᠠᠭ᠎ᠤᠨ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠤᠨ᠎ᠬᠢᠨ ᠤᠷᠴᠢᠮ᠎ᠳᠤ ᠰᠢᠯᠢ ᠵᠢᠨ ᠭᠤᠤᠯ ᠠᠢ᠌ᠮᠠᠭ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠥᠪ᠎ᠤᠨ᠎ᠬᠢᠨ᠎ᠲᠠᠢ ᠬᠠᠮᠲᠤᠷᠠᠨ  ᠲᠤᠰᠠᠯᠠᠮᠵᠢ ᠵᠢᠨ ᠦᠢ᠍ᠯᠡᠴᠢᠯᠡᠭᠡᠨ᠎ᠤ ᠵᠢᠯᠤᠭᠣᠳᠬᠤ ᠴᠡᠭ᠎ᠤᠨ ᠫᠠᠢ᠌ᠰᠠ ᠰᠡᠬᠦᠬᠦ ᠶᠣᠰᠣᠯᠠᠯ ᠶᠠᠪᠤᠭᠤᠯᠪᠠ᠃ ᠶᠣᠰᠣᠯᠠᠯ ᠳᠡᠭᠡᠷ᠎ᠡ ᠡᠯ᠎ᠡ ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠥᠷᠲᠡᠭᠡᠨ᠎ᠤ ᠬᠠᠷᠢᠭᠤᠴᠠᠯᠭ᠋ᠠᠲᠠᠨ᠎ᠳᠤ ᠫᠠᠢ᠌ᠰᠠ ᠣᠯᠭᠣᠭᠰᠠᠨ᠎ᠨᠢ ᠰᠢᠯᠢ ᠵᠢᠨ ᠭᠤᠤᠯ ᠠᠢ᠌ᠮᠠᠭ᠎ᠤᠨ 35 ᠱᠠᠩᠨᠠᠯᠲᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠴᠡᠭ᠎ᠨᠢ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠂ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠢ ᠲᠤᠰᠠᠯᠠᠬᠤ ᠵᠢᠯᠤᠭᠣᠳᠬᠤ ᠴᠡᠭ ᠪᠣᠯᠤᠭᠰᠠᠨ᠎ᠢ ᠬᠠᠷᠠᠭᠤᠯᠵᠤ ᠪᠠᠢ᠌ᠨ᠎ᠠ᠃ ᠲᠤᠰᠠᠯᠠᠮᠵᠢ ᠵᠢᠨ ᠬᠥᠲᠥᠴᠢ ᠰᠤᠭᠤᠯᠤᠭ᠎ᠠ ᠪᠣᠷᠣᠯᠠᠭᠤᠯᠬᠤ᠎ᠳᠤ᠎ᠪᠠᠨ ᠡᠷᠬᠢᠨ ᠲᠣᠭᠣᠷᠢᠨ᠎ᠤ ᠰᠠᠭᠤᠭ᠋ᠠᠯᠢ ᠠᠷᠠᠳ᠂  ᠱᠠᠡᠭᠨᠠᠯᠳᠤ ᠰᠤᠭᠤᠯᠤᠭ᠎ᠠ ᠰᠤᠭᠤᠯᠤᠭᠴᠢᠳ᠎ᠲᠤ  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠤᠬᠠᠭᠤᠯᠵᠤ᠂ ᠬᠡᠷᠡᠭᠴᠡᠭᠡ᠎ᠲᠠᠢ ᠬᠥᠮᠥᠰ᠎ᠤᠨ ᠲᠤᠰᠠᠯᠠᠮᠵᠢ ᠭᠥᠷᠳᠡᠬᠦ ᠵᠢ ᠵᠢᠯᠤᠭᠤᠳᠬᠤ ᠪᠤᠯᠤᠨ᠎ᠠ᠃


ᠨᠠᠰᠤᠵᠢᠯ᠎ᠤᠨ ᠦᠢ᠍ᠯᠡᠴᠢᠯᠡᠭᠡ


     ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡ ᠵᠢ  ᠮᠠᠰᠢᠳᠠ ᠴᠢᠬᠤᠯᠠᠴᠢᠯᠠᠵᠤ᠂ ᠨᠠᠰᠤᠲᠠᠢ᠌ᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠡᠢ᠌ᠭᠡᠮ᠎ᠤᠨ ᠬᠠᠷᠢᠯᠴᠠᠭ᠋ᠠᠨ᠎ᠤ ᠲᠠᠪᠴᠠᠩ ᠬᠠᠩᠭ᠋ᠠᠬᠤ᠂ ᠰᠡᠳᠬᠢᠴᠡ ᠵᠢᠨ   ᠲᠠᠢ᠌ᠯᠤᠮᠵᠢ ᠡᠷᠭᠢᠯᠡᠬᠦ᠂ ᠮᠣᠩᠭᠣᠯ ᠡᠮᠴᠢᠯᠡᠭᠡᠨ᠎ᠤ ᠪᠡᠶ᠎ᠡ ᠰᠡᠳᠬᠢᠴᠡ ᠵᠢᠨ ᠡᠮᠨᠡᠬᠦ ᠠᠷᠭ᠎ᠠ ᠵᠢ ᠣᠷᠣᠭᠤᠯᠤᠨ ᠠᠪᠴᠢᠷᠠᠬᠤ ᠵᠡᠷᠭᠡ ᠠᠷᠭ᠎ᠠ᠎ᠪᠠᠷ ᠨᠠᠰᠤᠵᠢᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ  ᠲᠡᠭᠡᠭᠰᠢᠯᠡᠬᠦᠯᠵᠤ ᠪᠠᠢ᠌ᠨ᠎ᠠ᠃ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ  ᠬᠦᠯᠤᠨ ᠪᠤᠢ᠌ᠷ ᠬᠣᠲᠠ ᠵᠢᠨ ᠡᠯ᠎ᠡ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠳᠠᠭᠤᠯᠠᠬᠤ᠂ ᠤᠷᠠᠨ ᠤᠩᠰᠢᠯᠭ᠎ᠠ ᠵᠢᠨ ᠵᠡᠷᠭᠡ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠠᠭᠤ ᠭᠠᠷᠤᠢ ᠤᠳᠠᠭ᠎ᠠ ᠥᠷᠨᠢᠭᠦᠯᠵᠦ᠂ ᠨᠠᠰᠤᠲᠠᠢ᠌ᠴᠤᠳ᠎ᠲᠤ ᠮᠢᠩᠭ᠎ᠠ ᠭᠠᠷᠤᠢ ᠤᠳᠠᠭ᠎ᠠ ᠦᠢ᠍ᠯᠡᠴᠢᠯᠡᠨ᠂ ᠨᠠᠰᠤᠲᠠᠢ᠌ᠴᠤᠳ᠎ᠤᠨ ᠥᠲᠡᠯᠦᠭᠡ ᠨᠠᠰᠤᠨ᠎ᠤ ᠠᠮᠢᠳᠤᠷᠠᠯ᠎ᠢ ᠤᠯᠠᠮ ᠪᠠᠶᠠᠯᠢᠭᠵᠢᠭᠤᠯᠵᠤ᠂ ᠨᠠᠰᠤᠲᠠᠢ᠌ᠴᠤᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ᠎ᠳᠤ ᠰᠠᠢ᠌ᠳᠤᠷ ᠦᠢ᠍ᠯᠡᠴᠢᠯᠡᠵᠤ ᠪᠠᠢ᠌ᠨ᠎ᠠ᠃


ᠬᠡᠦᠬᠡᠳ᠎ᠤᠨ ᠠᠰᠠᠷᠠᠮᠵᠢ


   《6 · 1》 ᠎ᠤ ᠦᠶ᠎ᠡ᠎ᠳᠤ ᠬᠥᠬᠡᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ 《ᠬᠡᠦᠬᠡᠳ᠎ᠤᠨ ᠰᠡᠳᠬᠢᠯ ᠨᠠᠮ᠎ᠳᠤ᠎ᠪᠠᠨ᠂ ᠡᠬᠡ ᠤᠯᠤᠰ ᠵᠶ᠋ᠡᠨ ᠮᠠᠬᠳᠠᠨ ᠲᠠᠭᠤᠯᠠᠵᠤ᠂ ᠬᠦᠰᠡᠯ ᠵᠡᠬᠦᠳᠤ᠎ᠪᠠᠨ ᠪᠡᠶᠡᠯᠡᠬᠦᠯᠬᠦ᠎ᠪᠠᠷ ᠢᠷᠡᠬᠡᠳᠤᠢ ᠵᠦᠭ ᠤᠷᠤᠬᠰᠢᠯᠠᠶ᠎ᠠ》 ᠬᠡᠬᠦ 《6 ·1》 ᠎ᠤ ᠭᠣᠣᠯ ᠰᠡᠳᠦᠪᠲᠦ ᠰᠢᠷᠢᠰ ᠠᠵᠢᠯᠯᠠᠭ᠎ᠠ ᠵᠢ ᠥᠷᠨᠢᠭᠦᠯᠵᠡᠢ᠃ ᠠᠵᠢᠯᠯᠠᠭ᠎ᠠ᠎ᠳᠤ ᠤᠯᠠᠨ ᠨᠢᠬᠡᠴᠢ ᠵᠢᠨ᠎ᠬᠢᠨ᠎ᠲᠠᠢ ᠬᠣᠯᠪᠣᠭ᠋ᠠᠯᠠᠵᠤ᠂ ᠨᠡᠢ᠌ᠭᠡᠮ᠎ᠤᠨ ᠠᠭᠤᠰᠤᠯᠴᠠᠯ᠎ᠤᠨ ᠠᠵᠢᠯᠯᠠᠭ᠎ᠠ ᠵᠢ ᠦᠷᠨᠢᠬᠦᠯᠬᠦ᠎ᠳᠤ᠎ᠪᠠᠨ ᠬᠡᠭᠡᠷ᠎ᠡ ᠪᠠᠭᠤᠳᠠᠯᠯᠠᠬᠤ᠎ᠪᠠᠷ ᠬᠡᠦᠬᠡᠳ᠎ᠤᠨ ᠪᠦᠲᠦᠭᠡᠯᠴᠢ ᠴᠢᠳᠠᠪᠤᠷᠢ ᠵᠢ ᠬᠦᠭᠵᠢᠬᠡᠨ᠂ ᠲᠥᠷᠥᠯᠬᠢ ᠴᠢᠨᠠᠷ᠎ᠢ᠎ᠨᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠦᠪᠡᠭᠴᠢᠯᠡᠯᠲᠡ ᠦᠢ᠍ᠯᠡᠳᠦᠯᠭᠡ ᠵᠢᠨ ᠬᠥᠮᠦᠵᠢᠯ ᠵᠶ᠋ᠡᠷ ᠳᠤᠷ᠎ᠠ ᠰᠣᠨᠢᠷᠬᠠᠯ᠎ᠢ᠎ᠨᠢ ᠪᠠᠳᠠᠷᠠᠭᠤᠯᠵᠤ᠂ ᠤᠷᠠᠨ ᠰᠠᠢ᠌ᠬᠠᠨ᠎ᠤ ᠬᠠᠮᠲᠤᠷᠠᠭᠰᠠᠨ ᠲᠣᠭᠯᠠᠯᠲᠠ ᠡᠷᠬᠢᠯᠡᠬᠦ᠎ᠪᠠᠷ ᠲᠠᠮᠵᠢᠨ ᠳᠠᠯᠳᠠ ᠴᠢᠳᠠᠪᠤᠷᠢ ᠵᠢ ᠠᠭᠤᠳᠠᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠭ᠋ᠠᠨ᠎ᠠᠴᠠ ᠰᠣᠶᠣᠯ᠎ᠤᠨ ᠷᠢᠳᠢ ᠰᠢᠳᠢ ᠵᠢ ᠮᠡᠳᠡᠷᠡᠬᠦᠯᠤᠬᠡᠳ ᠰᠤᠷᠭ᠋ᠠᠭᠤᠯᠢ ᠵᠢᠨ ᠬᠡᠦᠬᠡᠳ᠎ᠤᠨ ᠪᠠᠶᠠᠷ ᠪᠠᠶᠠᠰᠤᠯ᠎ᠢ ᠪᠡᠶᠡᠴᠢᠯᠡᠨ ᠣᠢ᠌ᠯᠠᠭ᠋ᠠᠬᠤ᠂ ᠠᠮᠵᠢᠯᠲᠠ ᠤᠯᠤᠯᠳᠠ᠎ᠲᠠᠢ᠎ᠪᠠᠷ ᠦᠰᠦᠨ ᠪᠣᠢ᠌ᠵᠢᠬᠤ᠎ᠳᠤ ᠤᠯᠠᠨ ᠲᠠᠯ᠎ᠠ᠎ᠠᠴᠠ ᠬᠦᠴᠦ  ᠨᠡᠮᠡᠷᠢᠯᠡᠪᠡ᠃
 
ᠣᠷᠣᠨ᠎ᠤ ᠭᠠᠳᠠᠨᠠᠬᠢ ᠮᠡᠳᠡᠭᠡ

 
    ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 21 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠱᠠᠩᠬᠠᠢ ᠬᠣᠲᠠ ᠵᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠥᠯ (2025 — 2027 ᠣᠨ)》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ᠂ ᠳᠠᠭ᠋ᠠᠭᠤᠯᠤᠭᠴᠢ ᠠᠵᠤ ᠠᠬᠤᠢ᠌ᠯᠠᠯ᠎ᠢ ᠪᠣᠢ᠌ᠵᠢᠭᠤᠯᠬᠤ ᠠᠵᠢᠯᠯᠠᠭ᠎ᠠ᠂ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠬᠦ ᠠᠵᠢᠯᠯᠠᠭ᠎ᠠ᠂ ᠲᠦᠷᠦ ᠵᠢᠨ ᠪᠣᠳᠣᠯᠭ᠎ᠠ ᠵᠢᠨ ᠣᠷᠴᠢᠨ ᠲᠣᠭᠣᠷᠢᠨ᠎ᠤ ᠰᠠᠭᠤᠷᠢ ᠵᠢ ᠴᠢᠩᠭ᠋ᠠᠳᠬᠠᠬᠤ ᠠᠵᠢᠯᠯᠠᠭ᠎ᠠ ᠵᠡᠷᠭᠡ ᠳᠦᠷᠪᠡᠨ ᠲᠠᠯ᠎ᠠ᠎ᠠᠴᠠ 15 ᠭᠣᠣᠯᠳᠠᠯᠭ᠎ᠠ᠎ᠲᠠᠢ ᠡᠭᠦᠷᠭᠡ ᠵᠢ ᠪᠠᠢ᠌ᠷᠢᠯᠠᠭᠤᠯᠵᠤ᠂ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠠᠵᠤ ᠦᠢ᠍ᠯᠡᠰ᠎ᠤᠨ ᠠᠮᠢ ᠠᠬᠤᠢ ᠵᠢᠨ ᠰᠢᠰᠲᠸᠮ᠎ᠢ ᠬᠦᠴᠦᠯᠡᠨ ᠪᠠᠢ᠌ᠭᠤᠯᠵᠤ ᠪᠤᠭᠤᠷᠤᠯᠴᠤᠳ᠎ᠤᠨ ᠠᠵᠤ ᠠᠬᠤᠢ ᠵᠢᠨ  ᠴᠢᠨᠠᠷᠯᠢᠭ ᠬᠥᠭᠵᠢᠯᠲᠡ ᠪᠣᠯᠣᠨ ᠬᠡᠷᠡᠭᠯᠡᠭᠡᠨ᠎ᠤ ᠴᠢᠳᠠᠪᠤᠷᠢ ᠵᠢᠨ ᠳᠡᠰ᠎ᠢ ᠳᠡᠭᠡᠭᠰᠢᠯᠡᠭᠦᠯᠬᠦ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃



 


     

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.11
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.12
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 6.6
 
            