ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠡᠷᠢᠶᠡᠨ ᠬᠣᠲᠠ ᠵᠢᠨ ᠨᠡᠶ᠋ᠢᠭᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ ᠦᠨᠣᠴᠢᠨ ᠵᠡᠮᠲᠡᠭ ᠬᠡᠤᠬᠡᠳ᠎ᠢ ᠬᠠᠢ᠌ᠷᠠᠯᠠᠨ ᠬᠠᠷᠠᠭ᠋ᠠᠯᠵᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-07-03

    2020 ᠣᠨ᠎ᠤ 6 ᠳ᠋ᠤᠭ᠋ᠠᠷ ᠰᠠᠷ᠎ᠠ ᠵᠢᠨ 1᠎ᠤ ᠬᠡᠤᠬᠡᠳ᠎ᠤᠨ ᠪᠠᠶᠠᠷ᠎ᠤᠨ ᠡᠳᠦᠷ ᠬᠦᠷᠴᠦ ᠢᠷᠡᠬᠦ ᠳᠠᠰᠢᠷᠠᠮ᠎ᠳᠤ ᠡᠷᠢᠶᠡᠨ ᠬᠣᠲᠠ ᠵᠢᠨ ᠨᠡᠶ᠋ᠢᠭᠡᠮ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠲᠥᠪ᠎ᠨᠢ ᠪᠦᠬᠦ ᠬᠣᠲᠠ ᠵᠢᠨ ᠥᠨᠥᠴᠢᠨ ᠵᠡᠮᠳᠡᠭ ᠬᠡᠤᠬᠡᠳ᠎ᠢ ᠪᠠᠶᠠᠷ ᠵᠢᠷᠭ᠋ᠠᠯ᠎ᠲᠠᠢ᠎ᠪᠠᠷ 《ᠵᠢᠷᠭᠤᠭ᠋ᠠᠨ ᠰᠠᠷ᠎ᠠ ᠵᠢᠨ ᠨᠢᠭᠡᠨ᠎ᠤ ᠬᠡᠤᠬᠡᠳ᠎ᠤᠨ ᠪᠠᠶᠠᠷ》᠎ᠢ ᠥᠩᠭᠡᠷᠡᠭᠦᠯᠬᠦ ᠵᠢᠨ ᠲᠥᠯᠥᠭᠡ   ᠨᠡᠶ᠋ᠢᠭᠡᠮ᠎ᠤᠨ ᠠᠵᠢᠯᠲᠠᠳ ᠵᠶ᠋ᠠᠨ ᠵᠣᠬᠢᠶᠠᠨ ᠪᠠᠶ᠋ᠢᠭᠤᠯᠵᠤ᠂ ᠡᠳᠡᠭᠡᠷ ᠬᠡᠦᠬᠡᠳ᠎ᠤᠨ ᠭᠡᠷ᠎ᠲᠤ᠎ᠨᠢ ᠣᠴᠢᠵᠤ᠂ ᠲᠡᠳᠡᠨ᠎ᠳᠤ ᠪᠢᠴᠢᠭ᠎ᠤᠨ ᠬᠡᠷᠡᠭᠰᠡᠯ ᠪᠣᠯᠤᠨ ᠨᠣᠮ ᠪᠢᠴᠢᠭ ᠬᠦᠷᠭᠡᠵᠦ᠂ ᠰᠡᠳᠬᠢᠯ ᠵᠶ᠋ᠠᠨ ᠰᠣᠯᠢᠯᠴᠠᠬᠤ ᠠᠷᠭ᠎ᠠ ᠮᠠᠶᠢᠭ ᠵᠶ᠋ᠠᠷ ᠦᠨ ᠦᠭᠡ᠎ᠪᠠᠨ ᠶᠠᠷᠢᠯᠴᠠᠬᠤ ᠠᠷᠭ᠎ᠠ ᠮᠠᠶᠢᠭ ᠵᠶ᠋ᠠᠷ ᠵᠠᠯᠠᠭᠤᠴᠤᠳ ᠪᠠᠭ᠋ᠠᠴᠤᠳ᠎ᠤᠨ ᠰᠡᠳᠬᠢᠴᠡ ᠵᠢᠨ ᠡᠷᠡᠭᠦᠯ ᠮᠡᠨᠳᠦ ᠵᠢ ᠬᠠᠯᠠᠮᠵᠢᠯᠠᠨ ᠬᠠᠶ᠋ᠢᠷᠠᠯᠠᠬᠤ ᠠᠵᠢᠯᠯᠠᠭ᠎ᠠ ᠵᠢ ᠥᠷᠨᠢᠭᠦᠯᠵᠠᠢ᠃
    ᠠᠵᠢᠯᠯᠠᠭ᠋ᠠᠨ᠎ᠤ ᠬᠤᠭᠤᠴᠠᠭ᠋ᠠᠨ᠎ᠳᠤ ᠨᠡᠶ᠋ᠢᠭᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠎ᠨᠢ ᠲᠥᠪ᠎ᠤᠨ ᠰᠡᠳᠬᠢᠴᠡ ᠵᠢᠨ ᠵᠥᠪᠯᠡᠯᠭᠡ ᠥᠭᠬᠦ ᠠᠯᠪᠠᠨ ᠭᠡᠷ᠎ᠤᠨ ᠳᠤᠰᠬᠠᠢ ᠨᠡᠶ᠋ᠢᠭᠡᠮ᠎ᠤᠨ ᠠᠵᠢᠯᠲᠠᠳ᠎ᠲᠠᠢ ᠬᠠᠮᠲᠤᠷᠠᠨ ᠪᠦᠬᠦ ᠬᠣᠲᠠ ᠵᠢᠨ ᠥᠨᠥᠴᠢᠨ ᠵᠡᠮᠳᠡᠭ ᠬᠡᠤᠬᠡᠳ᠎ᠢ ᠨᠢᠭᠡ ᠨᠢᠭᠡ ᠡᠷᠦᠬᠡ᠎ᠪᠠᠷ ᠪᠠᠢ᠌ᠴᠠᠭ᠋ᠠᠵᠤ᠂ ᠭᠡᠷ ᠪᠦᠯᠢ ᠵᠢᠨ ᠬᠢᠨᠢ ᠪᠠᠶ᠋ᠢᠳᠠᠯ᠎ᠢ ᠦᠢ᠍ᠯᠠᠭ᠋ᠠᠨ᠂ ᠬᠡᠦᠬᠡᠳ᠎ᠤᠨ ᠬᠢᠨᠠᠨ ᠬᠠᠮᠠᠭ᠋ᠠᠯᠠᠭᠴᠢ᠎ᠲᠠᠢ ᠰᠠᠭᠤᠳᠠᠯ᠎ᠤᠨ ᠬᠤᠷᠠᠯ ᠬᠢᠵᠦ᠂ ᠨᠠᠷᠢᠨ ᠲᠠᠩᠰᠠ ᠡᠪᠬᠡᠮᠡᠯ ᠪᠠᠶ᠋ᠢᠭᠤᠯᠤᠭᠰᠠᠨ ᠪᠠᠢ᠌ᠨ᠎ᠠ᠃ ᠠᠳᠠᠯᠢ ᠪᠤᠰᠤ ᠨᠠᠰᠤᠨ᠎ᠤ ᠥᠨᠥᠴᠢᠨ ᠵᠡᠮᠳᠡᠭ ᠬᠡᠦᠬᠡᠳ᠎ᠲᠤ ᠬᠢᠴᠢᠶᠡᠯ᠎ᠤᠨ ᠭᠠᠳᠠᠨᠠᠬᠢ ᠪᠢᠴᠢᠭ᠂ ᠪᠢᠴᠢᠭ᠎ᠤᠨ ᠪᠣᠭᠴᠣ᠂ ᠪᠢᠴᠢᠭ᠎ᠤᠨ ᠬᠡᠷᠡᠭᠰᠡᠯ ᠵᠡᠷᠭᠡ ᠵᠢ   ᠬᠤᠳᠠᠯᠳᠤᠨ ᠠᠪᠴᠤ ᠬᠦᠷᠭᠡᠵᠠᠢ᠃
   《ᠵᠢᠷᠭᠤᠭ᠋ᠠᠨ ᠰᠠᠷ᠎ᠠ ᠵᠢᠨ ᠨᠢᠭᠡᠨ᠎ᠤ ᠬᠡᠦᠬᠡᠳ᠎ᠤᠨ ᠪᠠᠶᠠᠷ》᠎ᠤᠨ ᠡᠳᠦᠷ ᠨᠡᠶ᠋ᠢᠭᠡᠮ᠎ᠤᠨ ᠠᠰᠠᠷᠠᠮᠵᠢ ᠵᠢᠨ ᠦᠢ᠍ᠯᠡᠴᠢᠯᠡᠭᠡᠨ ᠎ᠤ ᠲᠥᠪ᠎ᠤᠨ ᠠᠵᠢᠯᠲᠠᠳ ᠪᠣᠯᠤᠨ ᠨᠡᠶ᠋ᠢᠭᠡᠮ᠎ᠤᠨ ᠠᠵᠢᠯᠲᠠᠳ ᠨᠡᠢ᠌ᠲᠡ 11 ᠬᠦᠴᠢᠷᠳᠡᠯ᠎ᠲᠠᠢ ᠬᠡᠤᠬᠡᠳ᠎ᠢ ᠡᠷᠭᠢᠨ ᠦᠵᠡᠵᠦ᠂ ᠡᠯ᠎ᠡ ᠲᠥᠷᠥᠯ᠎ᠤᠨ ᠨᠣᠮ ᠪᠢᠴᠢᠭ 94 ᠳᠡᠪᠲᠡᠷ᠂ ᠪᠣᠭᠴᠣ᠂ ᠥᠩᠭᠡᠲᠦ ᠪᠢᠷ᠂ ᠳᠡᠯᠡᠬᠡᠶ ᠵᠢᠨ ᠪᠥᠮᠪᠥᠷᠴᠡᠭ᠎ᠤᠨ ᠵᠠᠭᠪᠤᠷ᠂ ᠪᠣᠯᠣᠳ ᠪᠢᠷ ᠵᠡᠷᠭᠡ ᠪᠢᠴᠢᠭ᠎ᠤᠨ ᠬᠡᠷᠡᠭᠰᠡᠯ 38 ᠬᠤᠪᠢ   ᠬᠦᠷᠭᠡᠭᠰᠡᠨ ᠪᠠᠢ᠌ᠨ᠎ᠠ᠃  


 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠶᠦᠩ ᠵᠢᠤᠢ ᠵᠡᠭᠡᠯᠢ ᠭᠤᠳᠤᠮᠵᠢ 2020 ᠣᠨ᠎ᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠰᠢᠷᠢᠰ ᠠᠵᠢᠯᠯᠠᠭ᠎ᠠ ᠵᠢ ᠵᠣᠬᠢᠶᠠᠨ ᠪᠠᠶ᠋ᠢᠭᠤᠯᠪᠡ
ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ ᠨᠡᠶ᠋ᠢᠭᠡᠮ᠎ᠤᠨ ᠠᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 2020 ᠣᠨ᠎ᠤ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠤᠭ᠌ᠰᠡᠨ ᠪᠠᠯᠠ ᠮᠥᠩᠭᠥ ᠵᠢ ᠨᠥᠬᠥᠪᠥᠷᠢᠯᠡᠨ ᠦᠭᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠪᠦᠬᠦ ᠬᠣᠲᠠ ᠵᠢᠨ ᠦᠨᠳᠦᠰᠦᠨ ᠱᠠᠲᠤᠨ᠎ᠤ ᠰᠦᠯᠵᠢᠶᠡᠵᠢᠭᠦᠯᠦᠨ ᠵᠠᠰᠠᠬᠤ ᠪᠣᠯᠪᠠᠰᠤᠷᠠᠯ ᠎ᠢ ᠡᠷᠭᠢᠯᠡᠪᠡ
ᠳᠤᠮᠳᠠ ᠴᠢᠮᠥᠭᠡᠨ ᠶᠠᠰᠤᠨ᠎ᠤ ᠦᠬᠦᠵᠢᠯ᠎ᠢ ᠡᠮᠨᠡᠨ ᠵᠠᠰᠠᠬᠤ ᠳᠤᠰᠠᠯᠠᠮᠵᠢ ᠵᠢᠨ ᠮᠥᠩᠭᠥ ᠣᠯᠭᠣᠬᠤ ᠶᠣᠰᠣᠯᠠᠯ ᠪᠤᠭᠤᠲᠤ᠎ᠳᠤ ᠶᠠᠪᠤᠭᠳᠠᠪᠠ
 
            