ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ ᠨᠡᠶ᠋ᠢᠭᠡᠮ᠎ᠤᠨ ᠠᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2020-07-03

   《ᠵᠢᠷᠭᠤᠭ᠋ᠠᠨ ᠰᠠᠷ᠎ᠠ ᠵᠢᠨ ᠨᠢᠭᠡᠨ》 ᠬᠡᠦᠬᠡᠳ᠎ᠤᠨ ᠪᠠᠶᠠᠷ ᠬᠦᠷᠴᠦ ᠢᠷᠡᠬᠦ ᠲᠠᠰᠢᠷᠠᠮ᠎ᠳᠤ   ᠤᠯᠠᠭ᠋ᠠᠨᠬᠠᠳᠠ ᠬᠣᠲᠠ ᠵᠢᠨ ᠰᠦᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠴᠢ ᠳᠣᠯᠣᠭ᠋ᠠᠨ ᠵᠡᠭᠡᠯᠢ   ᠭᠤᠲᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠤᠳᠤᠷᠢᠳᠤᠯᠭ᠎ᠠ ᠪᠣᠯᠤᠨ ᠡᠯ᠎ᠡ ᠨᠡᠶ᠋ᠢᠭᠡᠮ ᠲᠣᠭᠣᠷᠢᠭ᠎ᠤᠨ ᠬᠠᠷᠢᠭᠤᠴᠠᠯᠭ᠋ᠠᠲᠠᠨ ᠲᠣᠰ ᠤᠳᠠᠭ᠋ᠠᠨ᠎ᠤ ᠠᠵᠢᠯᠯᠠᠭ᠎ᠠ᠎ᠳᠤ ᠣᠷᠣᠯᠴᠠᠪᠠ᠃ ᠲᠤᠰ ᠤᠳᠠᠭ᠋ᠠᠨ᠎ᠤ ᠠᠵᠢᠯᠯᠠᠭ᠎ᠠ᠎ᠨᠢ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ 6 ᠳ᠋ᠤᠭ᠋ᠠᠷ ᠰᠠᠷ᠎ᠠ ᠵᠢᠨ 7᠎ᠤ ᠡᠳᠦᠷ ᠪᠣᠯᠲᠠᠯ ᠎ᠠ ᠨᠢᠭᠡ ᠭᠠᠷᠠᠭ ᠦᠷᠭᠦᠯᠵᠢᠯᠡᠭᠰᠡᠨ ᠡᠨᠡᠬᠦ ᠠᠵᠢᠯᠯᠠᠭ᠋ᠠᠨ᠎ᠳᠤ ᠭᠣᠤᠯᠳᠠᠭᠤ ᠬᠡᠤᠬᠡᠳ᠎ᠤᠨ ᠠᠰᠠᠷᠠᠮᠵᠢ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ ᠦᠢ᠍ᠯᠡᠴᠢᠯᠡᠭᠡ ᠵᠢᠨ ᠠᠭᠤᠯᠭ᠎ᠠ ᠵᠢ ᠪᠠᠭᠲᠠᠭ᠋ᠠᠭᠰᠠᠨ ᠪᠠᠢ᠌ᠨ᠎ᠠ  ᠃
  ᠡᠬᠢᠯᠡᠬᠦ ᠶᠣᠰᠣᠯᠠᠯ ᠳᠡᠭᠡᠷ᠎ᠡ ᠰᠦᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠤᠳᠤᠷᠢᠳᠤᠯᠭ᠎ᠠ ᠳᠠᠶ᠋ᠢᠴᠢᠯᠠᠯᠲᠠ ᠵᠢᠨ ᠶᠠᠷᠢᠶ᠎ᠠ ᠲᠠᠯᠪᠢᠵᠠᠶ᠃ ᠰᠢᠯᠢᠳᠡᠭ ᠨᠡᠶ᠋ᠢᠭᠡᠮ᠎ᠤᠨ ᠠᠵᠢᠯᠲᠠᠨ᠎ᠤ ᠲᠥᠯᠥᠭᠡᠯᠡᠭᠴᠢ ᠰᠠᠨᠠᠭ᠋ᠠᠴᠢᠯᠠᠭ᠎ᠠ ᠵᠢᠨ ᠪᠢᠴᠢᠭ   ᠤᠩᠰᠢᠵᠤ᠂ ᠲᠢᠶᠸ ᠳ᠋ᠦᠩ ᠵᠡᠭᠡᠯᠢ ᠭᠤᠳᠤᠮᠵᠢ ᠵᠢᠨ ᠴᠦᠨ ᠭᠤᠸᠠᠩ ᠨᠡᠶ᠋ᠢᠭᠡᠮ ᠲᠣᠭᠣᠷᠢᠭ᠂ ᠴᠧᠨ ᠰᠢ ᠨᠡᠶ᠋ᠢᠭᠡᠮ ᠲᠣᠭᠣᠷᠢᠭ᠎ᠤᠨ ᠨᠡᠶ᠋ᠢᠭᠡᠮ᠎ᠤᠨ ᠠᠵᠢᠯᠲᠠᠨ᠎ᠠᠴᠠ ᠰᠢᠯᠢᠳᠡᠭ ᠨᠡᠶ᠋ᠢᠭᠡᠮ᠎ᠤᠨ ᠠᠵᠢᠯᠲᠠᠨ᠎ᠤ ᠦᠯᠢᠭᠡᠷ᠎ᠢ ᠶᠠᠷᠢᠪᠠ᠃ ᠠᠵᠢᠯᠯᠠᠭ᠋ᠠᠨ᠎ᠤ ᠲᠠᠯᠠᠪᠠᠶ  ᠎ᠳᠤ   ᠵᠡᠭᠡᠯᠢ ᠭᠤᠳᠤᠮᠵᠢ ᠵᠢᠨ ᠨᠡᠶ᠋ᠢᠭᠡᠮ ᠲᠣᠭᠣᠷᠢᠭ ᠵᠢᠴᠢ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠡᠤᠬᠡᠳ᠎ᠢ ᠬᠠᠯᠠᠮᠵᠢᠯᠠᠵᠤ᠂ ᠬᠢᠵᠢᠭ᠎ᠢ ᠰᠡᠷᠭᠡᠶ᠋ᠢᠯᠡᠨ ᠡᠵᠡᠮᠳᠡᠬᠦ ᠵᠡᠷᠭᠡ ᠲᠠᠯ᠎ᠠ ᠵᠢᠨ ᠦᠨᠡᠨ ᠪᠣᠳᠠᠲᠤ ᠦᠢ᠍ᠯᠡᠳᠤᠯᠭᠡ ᠵᠢᠨ ᠦᠷ᠎ᠡ ᠪᠦᠲᠤᠭᠡᠯ ᠵᠢᠴᠢ ᠰᠣᠩᠭᠣᠳᠠᠭ ᠵᠢᠱ᠌ᠢᠶ᠎ᠡ ᠵᠢ ᠵᠢᠷᠤᠭ᠎ᠤᠨ ᠬᠠᠪᠲᠠᠰᠤᠨ᠎ᠳᠤ ᠠᠮᠢᠳᠤᠯᠢᠭ ᠵᠶ᠋ᠠᠷ ᠳᠡᠯᠭᠡᠨ ᠦᠵᠡᠭᠦᠯᠵᠡᠶ᠃  
    ᠰᠦᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠲᠢᠶᠧ ᠳ᠋ᠦᠩ ᠵᠡᠭᠡᠯᠢ ᠭᠤᠳᠤᠮᠵᠢ ᠵᠢᠨ ᠬᠠᠮᠢᠶ᠎ᠠ   ᠪᠦᠬᠦᠢ ᠬᠥᠮᠦᠰ ᠪᠣᠯᠤᠨ ᠤᠯᠠᠭ᠋ᠠᠨᠬᠠᠳᠠ ᠵᠢᠨ ᠵᠦ᠍ ᠵᠢᠶᠠ ᠡᠤ ᠢᠤ ᠶᠡᠷᠦᠩᠬᠡᠶ ᠦᠢ᠍ᠯᠡᠴᠢᠯᠡᠭᠡᠨ ᠎ᠤ ᠲᠥᠪ᠎ᠤᠨ ᠨᠡᠶ᠋ᠢᠭᠡᠮ᠎ᠤᠨ ᠠᠵᠢᠯᠲᠠᠨ ᠨᠠᠷ   ᠰᠦᠩᠱ᠌ᠠᠨ ᠲᠣᠭᠣᠷᠢᠭ᠎ᠤᠨ ᠠᠷᠪᠠᠨ ᠲᠠᠪᠤᠳᠤᠭ᠋ᠠᠷ ᠪᠠᠭ᠎ᠠ ᠰᠤᠷᠭ᠋ᠠᠭᠤᠯᠢ᠎ᠳᠤ ᠭᠦᠨᠵᠡᠭᠡᠶ᠋ᠢᠷᠡᠨ ᠭᠡᠷ᠎ᠲᠡᠭᠡᠨ ᠬᠣᠴᠣᠷᠤᠭᠰᠠᠨ ᠬᠡᠤᠬᠡᠳ᠎ᠲᠤ 60 ᠢᠵᠢ ᠪᠢᠴᠢᠭ᠎ᠤᠨ ᠬᠡᠷᠡᠭᠰᠡᠯ᠂ ᠪᠣᠭᠴᠣ ᠵᠡᠷᠭᠡ ᠵᠢᠷᠭᠤᠭ᠋ᠠᠨ ᠰᠠᠷ᠎ᠠ ᠵᠢᠨ ᠨᠢᠭᠡᠨ᠎ᠤ ᠪᠡᠯᠡᠭ ᠬᠦᠷᠭᠡᠭᠰᠡᠨ ᠪᠠᠢ᠌ᠨ᠎ᠠ᠃  ᠂  

 



ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 2020 ᠣᠨ᠎ᠤ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠤᠭ᠌ᠰᠡᠨ ᠪᠠᠯᠠ ᠮᠥᠩᠭᠥ ᠵᠢ ᠨᠥᠬᠥᠪᠥᠷᠢᠯᠡᠨ ᠦᠭᠪᠡ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠪᠦᠬᠦ ᠬᠣᠲᠠ ᠵᠢᠨ ᠦᠨᠳᠦᠰᠦᠨ ᠱᠠᠲᠤᠨ᠎ᠤ ᠰᠦᠯᠵᠢᠶᠡᠵᠢᠭᠦᠯᠦᠨ ᠵᠠᠰᠠᠬᠤ ᠪᠣᠯᠪᠠᠰᠤᠷᠠᠯ ᠎ᠢ ᠡᠷᠭᠢᠯᠡᠪᠡ
ᠳᠤᠮᠳᠠ ᠴᠢᠮᠥᠭᠡᠨ ᠶᠠᠰᠤᠨ᠎ᠤ ᠦᠬᠦᠵᠢᠯ᠎ᠢ ᠡᠮᠨᠡᠨ ᠵᠠᠰᠠᠬᠤ ᠳᠤᠰᠠᠯᠠᠮᠵᠢ ᠵᠢᠨ ᠮᠥᠩᠭᠥ ᠣᠯᠭᠣᠬᠤ ᠶᠣᠰᠣᠯᠠᠯ ᠪᠤᠭᠤᠲᠤ᠎ᠳᠤ ᠶᠠᠪᠤᠭᠳᠠᠪᠠ
ᠪᠤᠭᠤᠲᠤ ᠬᠣᠲᠠ ᠬᠦᠴᠢᠷᠳᠡᠯ᠎ᠲᠠᠢ ᠣᠯᠠᠨ ᠲᠦᠮᠡᠨ᠎ᠤ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ ᠦᠨᠳᠦᠰᠦᠨ ᠵᠦᠢ᠍ᠯ ᠎ᠢ ᠪᠠᠲᠤᠯᠠᠬᠤ ᠲᠣᠤᠷ᠎ᠢ ᠨᠠᠷᠢᠨ ᠨᠢᠭᠲᠠ ᠰᠦᠯᠵᠢᠪᠡ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ ᠪᠥᠬᠥ ᠠᠶ᠋ᠢᠮᠠᠭ᠎ᠤᠨ 2020 ᠣᠨ᠎ᠤ ᠳᠡᠭᠡᠷ᠎ᠡ ᠬᠠᠭ᠋ᠠᠰ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ ᠬᠤᠷᠠᠯᠳᠤᠭᠤᠯᠪᠠ
 
            