ᠤᠯᠠᠭ᠋ᠠᠨᠬᠠᠳᠠ ᠬᠣᠲᠠ ᠵᠢᠨ ᠶᠦᠩ ᠵᠢᠦᠶ ᠵᠡᠭᠡᠯᠢ ᠭᠤᠳᠤᠮᠵᠢ ᠵᠢᠴᠢ ᠵᠠᠩᠭᠢᠯᠠᠭ᠎ᠠ ᠵᠢᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠨᠢ 70 ᠳ᠋ᠤᠭ᠋ᠠᠷ ᠳᠡᠯᠡᠬᠡᠢ ᠵᠢᠨ ᠬᠡᠤᠬᠡᠳ᠎ᠤᠨ ᠪᠠᠶᠠᠷ ᠬᠦᠷᠴᠦ ᠢᠷᠡᠬᠦ ᠲᠠᠰᠢᠷᠠᠮ᠎ᠳᠤ 《ᠨᠡᠶ᠋ᠢᠭᠡᠮ᠎ᠤᠨ ᠠᠵᠢᠯᠲᠠᠨ᠎ᠤ ᠲᠤᠰᠬᠠᠶ ᠦᠢ᠍ᠯᠡᠴᠢᠯᠡᠭᠡ ᠬᠡᠤᠬᠡᠳ᠎ᠲᠤ ᠬᠦᠰᠡᠯ ᠡᠷᠡᠮᠡᠯᠵᠡᠯ᠎ᠤᠨ ᠵᠢᠭᠦᠷ ᠤᠷᠭᠤᠭᠤᠯᠪᠠ》 ᠭᠡᠬᠦ ᠰᠢᠷᠢᠰ ᠤᠬᠠᠭᠤᠯᠭ᠎ᠠ ᠵᠢᠨ ᠦᠢ᠍ᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃
ᠨᠢᠭᠡ᠎ᠳᠤ᠂ᠶᠦᠩ ᠵᠢᠤᠢ ᠵᠡᠭᠡᠯᠢ ᠭᠤᠳᠤᠮᠵᠢ ᠵᠢᠨ ᠵᠠᠩᠭᠢᠯᠠᠭ᠎ᠠ ᠵᠢᠨ ᠵᠣᠬᠢᠶᠠᠨ ᠪᠠᠶ᠋ᠢᠭᠤᠯᠤᠯᠲᠠ᠎ᠨᠢ ᠬᠠᠮᠢᠶ᠎ᠠ ᠪᠦᠬᠦᠢ ᠵᠣᠬᠢᠶᠠᠨ ᠪᠠᠶ᠋ᠢᠭᠤᠯᠤᠯᠲᠠ᠎ᠲᠠᠢ ᠬᠠᠮᠲᠤᠷᠠᠨ ᠲᠢᠶᠠᠨ ᠾᠧ ᠶᠠᠩ ᠭᠤᠸᠠᠩ᠎ᠤᠨ C ᠲᠣᠭᠣᠷᠢᠭ᠎ᠤᠨ ᠠᠭᠤᠳᠠᠮ ᠲᠠᠯᠠᠪᠠᠶ᠎ᠳᠤ 〈〈ᠰᠣᠯᠣᠩᠭ᠋ᠠᠨ ᠰᠢᠬᠦᠷ᠎ᠤᠨ ᠳᠣᠤᠷ᠎ᠠ ᠰᠤᠳᠤᠨ ᠬᠡᠤᠬᠡᠳ᠎ᠤᠨ ᠬᠦᠰᠡᠯ ᠳᠡᠯᠭᠡᠷᠡᠨ᠎ᠡ〉〉 ᠭᠡᠬᠦ ᠬᠡᠤᠬᠡᠳ᠎ᠢ ᠬᠠᠯᠠᠮᠵᠢᠯᠠᠨ ᠬᠠᠶ᠋ᠢᠷᠠᠯᠠᠬᠤ ᠭᠣᠤᠯ ᠰᠡᠳᠦᠪᠲᠦ ᠠᠵᠢᠯᠯᠠᠭ᠎ᠠ ᠥᠷᠨᠢᠭᠦᠯᠵᠡᠶ᠃ ᠬᠠᠷᠢᠶ᠎ᠠ ᠣᠷᠣᠨ᠎ᠤ 8 ᠳᠤᠭᠤᠶ᠋ᠢᠯᠠᠩ᠎ᠤᠨ ᠰᠤᠷᠬᠤ ᠨᠠᠰᠤᠨ᠎ᠤ ᠬᠡᠤᠬᠡᠳ᠎ᠤᠨ ᠭᠡᠷ ᠪᠦᠯᠢ ᠣᠷᠣᠯᠴᠠᠵᠠᠢ᠃
ᠠᠵᠢᠯᠯᠠᠭ᠋ᠠᠨ᠎ᠳᠤ ᠨᠡᠶ᠋ᠢᠭᠡᠮ᠎ᠤᠨ ᠠᠵᠢᠯᠲᠠᠨ ᠰᠠᠶ᠋ᠢᠨ ᠳᠤᠷᠠᠴᠤᠳ ᠬᠤᠯᠤᠭ᠋ᠠᠨ᠎ᠠ ᠴᠣᠬᠢᠬᠤ ᠲᠣᠭᠯᠠᠭ᠋ᠠᠮ᠎ᠤᠨ ᠬᠡᠯᠪᠡᠷᠢ᠎ᠪᠠᠷ ᠬᠡᠤᠬᠡᠳ᠎ᠤᠨ ᠪᠡᠶ᠎ᠡ ᠵᠢ᠎ᠨᠢ ᠬᠠᠯᠠᠭᠤᠯᠬᠤ ᠵᠢ ᠬᠥᠲᠥᠯᠥᠨ ᠵᠢᠯᠣᠭᠣᠳᠴᠤ᠂ ᠵᠠᠯᠭ᠋ᠠᠭ᠋ᠠᠳ ᠰᠣᠯᠤᠩᠭ᠋ᠠᠨ ᠰᠢᠬᠦᠷ᠎ᠤᠨ ᠲᠣᠭᠯᠠᠭ᠋ᠠᠮ ᠡᠬᠢᠯᠡᠪᠡ᠃ ᠲᠣᠭᠯᠠᠭ᠋ᠠᠮ ᠵᠶ᠋ᠠᠷ ᠳᠠᠮᠵᠢᠨ ᠬᠡᠦᠬᠡᠳ᠎ᠤᠳ ᠬᠠᠮᠲᠤ ᠵᠢᠨ ᠠᠵᠢᠯᠯᠠᠭ᠎ᠠ ᠳᠤᠮᠳᠠ ᠪᠦᠯᠬᠦᠮᠳᠡᠨ ᠬᠠᠮᠵᠢᠯᠴᠠᠬᠤ ᠵᠢᠨ ᠬᠠᠪᠤ ᠴᠡᠩᠭᠡᠯ᠎ᠢ ᠣᠶ᠋ᠢᠯᠠᠭ᠋ᠠᠵᠤ᠂ ᠬᠠᠮᠲᠤᠷᠠᠯᠴᠠᠬᠤ ᠴᠢᠳᠠᠪᠤᠷᠢ᠂ ᠣᠶ᠋ᠢᠯᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠵᠠᠢ᠃
ᠬᠣᠶᠠᠷ᠎ᠲᠤ ᠤᠷᠲᠤ ᠬᠤᠭᠤᠴᠠᠭ᠎ᠠ᠎ᠪᠠᠷ ᠬᠡᠤᠬᠡᠳ᠎ᠤᠨ ᠪᠡᠶ᠎ᠡ ᠰᠡᠳᠬᠢᠴᠡ ᠵᠢᠨ ᠪᠣᠯᠪᠠᠰᠤᠷᠠᠯ᠎ᠳᠤ ᠴᠠᠭ᠋ᠠᠷᠠᠭᠰᠠᠨ ᠱᠣᠣ ᠵᠢᠶᠧ ᠰᠤᠷᠭ᠋ᠠᠨ ᠬᠥᠮᠦᠵᠢᠯ᠎ᠤᠨ ᠵᠦᠪᠯᠡᠯᠭᠡ ᠦᠭᠬᠦ ᠬᠢᠵᠠᠭ᠋ᠠᠷᠲᠤ ᠺᠣᠮᠫᠠᠨᠢ ᠵᠢᠨ᠎ᠬᠢᠨ ᠨᠡᠢ᠌ᠬᠡᠮ ᠲᠣᠭᠣᠷᠢᠭ᠎ᠲᠤ ᠢᠷᠡᠵᠦ ᠰᠤᠷᠬᠤ ᠨᠠᠰᠤᠨ᠎ᠤ ᠬᠡᠦᠬᠡᠳ᠎ᠲᠤ ᠬᠢᠴᠢᠶᠡᠯ᠎ᠤᠨ ᠭᠡᠷ᠎ᠤᠨ ᠭᠠᠳᠠᠨᠠᠬᠢ ᠪᠡᠶ᠎ᠡ ᠪᠣᠯᠪᠠᠰᠤᠷᠠᠯ᠎ᠤᠨ ᠬᠢᠴᠢᠶᠡᠯ ᠬᠢᠵᠤ᠂ ᠬᠡᠤᠬᠡᠳ᠎ᠤᠨ ᠬᠥᠳᠡᠯᠭᠡᠭᠡᠨ᠎ᠳᠤ ᠣᠷᠣᠯᠴᠠᠬᠤ ᠳᠤᠷ᠎ᠠ ᠰᠣᠨᠢᠷᠬᠠᠯ᠎ᠢ ᠬᠥᠭᠵᠢᠭᠡᠵᠠᠢ᠃ ᠶᠦᠩ ᠵᠢᠤᠢ ᠵᠡᠭᠡᠯᠢ ᠭᠤᠳᠤᠮᠵᠢ ᠵᠢᠨ ᠱᠤᠸᠠᠩ ᠴᠢᠶᠣᠤ ᠨᠡᠶ᠋ᠢᠭᠡᠮ ᠲᠣᠭᠣᠷᠢᠭ᠎ᠲᠤ ᠬᠡᠤᠬᠡᠳ᠎ᠤᠨ ᠪᠡᠶ᠎ᠡ ᠪᠣᠯᠪᠠᠰᠤᠷᠠᠯ᠎ᠤᠨ10 ᠲᠡᠩᠴᠡᠭᠦᠷᠢ᠎ᠲᠤ ᠲᠡᠷᠭᠡ ᠬᠠᠨᠳᠢᠪᠯᠠᠭᠰᠠᠨ ᠪᠠᠢ᠌ᠨ᠎ᠠ᠃ ᠡᠭᠦᠨ᠎ᠤ ᠬᠠᠮᠲᠤ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠎ᠠᠴᠠ ᠨᠡᠶ᠋ᠢᠭᠡᠮ ᠲᠣᠭᠣᠷᠢᠭ᠎ᠤᠨ ᠬᠡᠤᠬᠡᠳ᠎ᠲᠤ ᠬᠣᠵᠢᠮ ᠰᠦᠢ᠍ᠳᠬᠡᠯ ᠬᠤᠷᠢᠶᠠᠬᠤ ᠦᠭᠡᠶ ᠦᠢ᠍ᠯᠡᠴᠢᠯᠡᠭᠡ ᠬᠦᠷᠲᠡᠭᠡᠶ᠎ᠠ ᠭᠡᠵᠤ ᠠᠮᠠᠯᠠᠭᠰᠠᠨ ᠪᠠᠢ᠌ᠨ᠎ᠠ᠃