5 ᠳ᠋ᠤᠭ᠋ᠠᠷ ᠰᠠᠷ᠎ᠠ ᠵᠢᠨ 30᠎ᠤ ᠡᠳᠤᠷ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠲᠤ ᠠᠰᠢᠭ ᠬᠦᠷᠲᠡᠭᠡᠬᠦ ᠨᠡᠢ᠌ᠬᠡᠮ᠎ᠤᠨ ᠠᠵᠢᠯᠲᠠᠳ᠎ᠤᠨ ᠦᠢ᠍ᠯᠡᠴᠢᠯᠡᠭᠡᠨ ᠤ ᠲᠥᠪ᠎ᠤᠨ᠎ᠬᠢᠨ ᠤᠷᠠᠳ᠎ᠤᠨ ᠡᠮᠦᠨᠡᠲᠦ ᠬᠣᠰᠢᠭᠤᠨ᠎ᠤ ᠠᠭᠤᠯᠠ ᠪᠠᠯᠭ᠋ᠠᠰᠤᠨ᠎ᠤ ᠳ᠋ᠦᠩ ᠰᠢᠩ ᠨᠡᠶ᠋ᠢᠭᠡᠮ ᠲᠣᠭᠣᠷᠢᠭ᠎ᠲᠤ ᠬᠦᠷᠴᠦ᠂ 2020 ᠣᠨ᠎ᠤ ᠨᠡᠶ᠋ᠢᠭᠡᠮ᠎ᠤᠨ ᠠᠵᠢᠯ᠎ᠤᠨ ᠭᠣᠤᠯ ᠰᠡᠳᠦᠪᠲᠦ ᠤᠬᠠᠭᠤᠯᠭ᠎ᠠ ᠵᠢᠨ ᠭᠠᠷᠠᠭ᠎ᠤᠨ 《ᠬᠠᠶ᠋ᠢᠷ᠎ᠠ᠎ᠪᠠᠨ ᠬᠠᠮᠲᠤᠳᠬᠠᠵᠤ ᠢᠷᠡᠭᠡᠳᠤᠢ᠎ᠪᠠᠨ ᠪᠠᠷᠠᠯᠠᠬᠤ》 ᠠᠵᠢᠯᠯᠠᠭ᠎ᠠ ᠵᠢ ᠦᠷᠨᠢᠭᠦᠯᠵᠤ᠂ 《ᠵᠢᠷᠭᠤᠭ᠋ᠠᠨ ᠰᠠᠷ᠎ᠠ ᠵᠢᠨ ᠨᠢᠭᠡᠨ》᠎ᠢ ᠪᠠᠶᠠᠷᠯᠠᠨ ᠤᠭᠲᠤᠵᠠᠢ᠃
ᠠᠷᠠᠳ᠎ᠲᠤ ᠠᠰᠢᠭ ᠬᠦᠷᠲᠡᠭᠡᠬᠦ ᠨᠡᠶ᠋ᠢᠭᠡᠮ᠎ᠤᠨ ᠠᠵᠢᠯᠲᠠᠳ᠎ᠤᠨ ᠦᠢ᠍ᠯᠡᠴᠢᠯᠡᠭᠡᠨ᠎ᠤ ᠲᠥᠪ᠎ᠤᠨ᠎ᠬᠢᠨ ᠬᠦᠴᠢᠷᠳᠡᠯ᠎ᠲᠠᠢ ᠬᠡᠤᠬᠡᠳ᠎ᠲᠤ ᠪᠡᠯᠡᠭ ᠬᠠᠢ᠌ᠷᠠᠯᠠᠵᠠᠢ᠃
ᠲᠤᠰ ᠤᠳᠠᠭ᠋ᠠᠨ᠎ᠤ ᠠᠵᠢᠯᠯᠠᠭ᠎ᠠ᠎ᠨᠢ 12 ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠲᠤ ᠬᠤᠪᠴᠠᠰᠤ ᠪᠣᠯᠤᠨ ᠨᠣᠮ ᠪᠢᠴᠢᠭ ᠪᠡᠯᠡᠭᠯᠡᠵᠤ᠂ ᠲᠡᠳᠡᠨ᠎ᠤ ᠵᠥᠪ ᠠᠮᠢᠳᠤᠷᠠᠯ᠎ᠤᠨ ᠦᠵᠡᠯᠲᠡ ᠪᠠ ᠥᠷᠲᠡᠭ᠎ᠤᠨ ᠦᠵᠡᠯᠲᠡ ᠵᠢ ᠪᠣᠶ ᠪᠣᠯᠭ᠋ᠠᠨ᠂ ᠰᠢᠯᠢᠳᠡᠭ ᠬᠢᠷᠢ ᠪᠦᠲᠦᠮᠵᠢ᠎ᠪᠠᠷ ᠵᠶ᠋ᠠᠨ ᠨᠡᠶ᠋ᠢᠭᠡᠮ ᠨᠡᠢ᠌ᠲᠡ ᠵᠢᠨ ᠠᠴᠢ ᠵᠢ ᠬᠠᠷᠢᠭᠤᠯᠬᠤ ᠵᠢ ᠵᠣᠷᠢᠭᠵᠢᠭᠤᠯᠵᠠᠢ ᠃