ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠣᠷᠳᠣᠰ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 2020 ᠣᠨ᠎ᠤ ᠨᠡᠶ᠋ᠢᠭᠡᠮ᠎ᠤᠨ ᠳᠤᠰᠠᠯᠠᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠤᠭ᠌ᠰᠡᠨ ᠪᠠᠯᠠ ᠮᠥᠩᠭᠥ ᠵᠢ ᠨᠥᠬᠥᠪᠥᠷᠢᠯᠡᠨ ᠦᠭᠪᠡ
ᠨᠡᠶᠢᠲᠡᠯᠡᠭᠰᠡᠨ ᠴᠠᠭ᠄ 2020-06-29

    ᠣᠷᠳᠣᠰ ᠬᠣᠲᠠ ᠵᠢᠨ 2020 ᠣᠨ᠎ᠤ ᠨᠡᠶ᠋ᠢᠭᠡᠮ᠎ᠤᠨ ᠳᠤᠰᠠᠯᠠᠮᠵᠢ ᠵᠢᠨ   ᠪᠠᠷᠢᠮᠵᠢᠶ᠎ᠠ᠎ᠪᠠᠨ 2019 ᠣᠨ᠎ᠤ ᠰᠠᠭᠤᠷᠢᠨ ᠳᠡᠭᠡᠷ᠎ᠡ ᠳᠠᠬᠢᠨᠲᠠ ᠳᠡᠭᠡᠭᠰᠢᠯᠡᠭᠦᠯᠪᠡ᠃ ᠡᠭᠦᠨ᠎ᠳᠤ᠂ ᠬᠣᠲᠠ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠨᠢ 2019 ᠣᠨ᠎ᠳᠤ ᠬᠦᠮᠤᠨ ᠪᠦᠷᠢ ᠰᠠᠷ᠎ᠠ᠎ᠳᠤ 675 ᠲᠥᠭᠥᠷᠢᠭ ᠪᠠᠢ᠌ᠭᠰᠠᠨ᠎ᠢ 790 ᠲᠥᠭᠥᠷᠢᠭ ᠪᠣᠯᠭ᠋ᠠᠨ᠂ 115 ᠲᠥᠭᠥᠷᠢᠭ ᠨᠡᠮᠡᠭᠳᠡᠭᠦᠯᠪᠡ; ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠨᠢ 2019 ᠣᠨ᠎ᠳᠤ ᠬᠦᠮᠤᠨ ᠪᠦᠷᠢ ᠵᠢᠯ᠎ᠳᠤ 6169 ᠲᠥᠭᠥᠷᠢᠭ ᠪᠠᠶ᠋ᠢᠭᠰᠠᠨ᠎ᠢ 6720 ᠲᠥᠭᠥᠷᠢᠭ ᠪᠣᠯᠭ᠋ᠠᠨ ᠳᠡᠭᠡᠭᠰᠢᠯᠡᠭᠦᠯᠵᠦ᠂ 551 ᠲᠥᠭᠥᠷᠢᠭ ᠨᠡᠮᠡᠭᠳᠡᠭᠦᠯᠵᠠᠢ; ᠬᠣᠲᠠ ᠵᠢᠨ ᠣᠨᠴᠠ ᠬᠦᠴᠢᠷᠳᠡᠯᠲᠡᠶ ᠬᠥᠮᠦᠰ᠎ᠤᠨ ᠦᠨᠳᠦᠰᠦᠨ ᠠᠮᠢᠳᠤᠷᠠᠯ᠎ᠤᠨ ᠠᠰᠠᠷᠠᠨ ᠬᠠᠷᠠᠭ᠋ᠠᠯᠵᠠᠬᠤ ᠳᠤᠮᠳᠠᠴᠢ ᠪᠠᠷᠢᠮᠵᠢᠶ᠎ᠠ᠎ᠨᠢ 2019 ᠣᠨ᠎ᠳᠤ ᠬᠦᠮᠤᠨ ᠪᠦᠷᠢ ᠰᠠᠷ᠎ᠠ᠎ᠳᠤ 1144 ᠲᠥᠭᠥᠷᠢᠭ ᠪᠠᠶ᠋ᠢᠭᠰᠠᠨ᠎ᠢ 1500 ᠲᠥᠭᠥᠷᠢᠭ ᠪᠣᠯᠭ᠋ᠠᠨ᠂ 356 ᠲᠥᠭᠥᠷᠢᠭ ᠳᠡᠭᠡᠭᠰᠢᠯᠡᠭᠦᠯᠵᠠᠢ; ᠲᠠᠷᠢᠶᠠᠯᠠᠬᠤ ᠮᠠᠯᠵᠢᠬᠤ ᠣᠷᠣᠨ᠎ᠤ ᠣᠨᠴᠠ ᠬᠦᠴᠢᠷᠳᠡᠯᠲᠡᠶ ᠬᠥᠮᠦᠰ᠎ᠤᠨ ᠦᠨᠳᠦᠰᠦᠨ ᠠᠮᠢᠳᠤᠷᠠᠯ᠎ᠤᠨ ᠳᠤᠮᠳᠠᠴᠢ ᠪᠠᠷᠢᠮᠵᠢᠶ᠎ᠠ᠎ᠨᠢ 2019 ᠣᠨ᠎ᠳᠤ   ᠬᠥᠮᠦᠨ ᠪᠦᠷᠢ ᠵᠢᠯ᠎ᠳᠤ 9893 ᠲᠥᠭᠥᠷᠢᠭ ᠪᠠᠶ᠋ᠢᠭᠰᠠᠨ᠎ᠢ 10200 ᠲᠥᠭᠥᠷᠢᠭ ᠪᠣᠯᠭ᠋ᠠᠨ᠂ 307 ᠲᠥᠭᠥᠷᠢᠭ ᠨᠡᠮᠡᠵᠠᠢ  ;  
    ᠰᠢᠨ᠎ᠡ ᠪᠠᠷᠢᠮᠵᠢᠶ᠎ᠠ ᠵᠢ 2020 ᠣᠨ᠎ᠤ 1 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ 5 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠨᠡᠶ᠋ᠢᠲᠡ 964.54 ᠲᠦᠮᠡᠨ ᠲᠥᠭᠥᠷᠢᠭ᠎ᠤᠨ ᠳᠤᠰᠠᠯᠠᠮᠵᠢ ᠵᠢᠨ ᠪᠡᠯᠡ ᠮᠥᠩᠭᠥ ᠵᠢ ᠨᠥᠬᠥᠪᠥᠷᠢᠯᠡᠨ ᠥᠭᠴᠦ᠂ 29368 ᠬᠦᠴᠢᠷᠳᠡᠯ᠎ᠲᠠᠢ ᠣᠯᠠᠨ ᠲᠦᠮᠡᠨ ᠎ᠳᠤ ᠠᠰᠢᠭ ᠬᠦᠷᠲᠡᠭᠡᠭᠰᠡᠨ ᠪᠠᠢ᠌ᠨ᠎ᠠ᠃᠂ ᠡᠭᠦᠨ᠎ᠳᠤ 13653 ᠡᠷᠦᠬᠡ ᠵᠢᠨ 25542 ᠨᠡᠷ᠎ᠡ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ᠎ᠲᠤ 760.38 ᠲᠦᠮᠡᠨ ᠲᠥᠭᠥᠷᠢᠭ ᠨᠥᠬᠥᠪᠥᠷᠢᠯᠡᠨ᠂ ᠰᠠᠯᠤᠩᠬᠢ᠎ᠪᠠᠷ ᠬᠣᠲᠠ ᠬᠥᠳᠡᠭᠡ᠎ᠳᠤ ᠠᠮᠢᠳᠤᠷᠠᠵᠤ ᠪᠠᠢ᠌ᠭ᠎ᠠ 3826 ᠨᠡᠷ᠎ᠡ ᠣᠨᠴᠠ ᠬᠦᠴᠢᠷᠳᠡᠯᠲᠡᠶ ᠬᠥᠮᠦᠰ᠎ᠲᠤ 204.16 ᠲᠦᠮᠡᠨ ᠲᠥᠭᠥᠷᠢᠭ᠎ᠤᠨ ᠦᠨᠳᠦᠰᠦᠨ ᠠᠮᠢᠳᠤᠷᠠᠯ᠎ᠤᠨ ᠵᠠᠷᠤᠳᠠᠯ᠎ᠢ ᠨᠥᠬᠥᠪᠥᠷᠢᠯᠡᠨ ᠦᠭᠴᠤ᠂ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠬᠢᠷᠢ ᠬᠡᠮᠵᠢᠶ᠎ᠡ ᠵᠢ ᠨᠢᠭᠡ ᠠᠯᠬᠤᠮ ᠳᠡᠭᠡᠭᠰᠢᠯᠡᠭᠦᠯᠤᠭ᠌ᠰᠡᠨ ᠪᠠᠢ᠌ᠨ᠎ᠠ  ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠪᠦᠬᠦ ᠬᠣᠲᠠ ᠵᠢᠨ ᠦᠨᠳᠦᠰᠦᠨ ᠱᠠᠲᠤᠨ᠎ᠤ ᠰᠦᠯᠵᠢᠶᠡᠵᠢᠭᠦᠯᠦᠨ ᠵᠠᠰᠠᠬᠤ ᠪᠣᠯᠪᠠᠰᠤᠷᠠᠯ ᠎ᠢ ᠡᠷᠭᠢᠯᠡᠪᠡ
ᠳᠤᠮᠳᠠ ᠴᠢᠮᠥᠭᠡᠨ ᠶᠠᠰᠤᠨ᠎ᠤ ᠦᠬᠦᠵᠢᠯ᠎ᠢ ᠡᠮᠨᠡᠨ ᠵᠠᠰᠠᠬᠤ ᠳᠤᠰᠠᠯᠠᠮᠵᠢ ᠵᠢᠨ ᠮᠥᠩᠭᠥ ᠣᠯᠭᠣᠬᠤ ᠶᠣᠰᠣᠯᠠᠯ ᠪᠤᠭᠤᠲᠤ᠎ᠳᠤ ᠶᠠᠪᠤᠭᠳᠠᠪᠠ
ᠪᠤᠭᠤᠲᠤ ᠬᠣᠲᠠ ᠬᠦᠴᠢᠷᠳᠡᠯ᠎ᠲᠠᠢ ᠣᠯᠠᠨ ᠲᠦᠮᠡᠨ᠎ᠤ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ ᠦᠨᠳᠦᠰᠦᠨ ᠵᠦᠢ᠍ᠯ ᠎ᠢ ᠪᠠᠲᠤᠯᠠᠬᠤ ᠲᠣᠤᠷ᠎ᠢ ᠨᠠᠷᠢᠨ ᠨᠢᠭᠲᠠ ᠰᠦᠯᠵᠢᠪᠡ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ ᠪᠥᠬᠥ ᠠᠶ᠋ᠢᠮᠠᠭ᠎ᠤᠨ 2020 ᠣᠨ᠎ᠤ ᠳᠡᠭᠡᠷ᠎ᠡ ᠬᠠᠭ᠋ᠠᠰ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ ᠬᠤᠷᠠᠯᠳᠤᠭᠤᠯᠪᠠ
ᠶᠦᠨ ᠭᠠᠩ ᠳ᠋ᠦᠩ ᠾᠧ ᠲᠣᠭᠣᠷᠢᠭ᠎ᠲᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠱᠠᠯᠠᠪᠳᠠᠭᠤᠯᠤᠨ ᠵᠢᠯᠤᠭᠤᠤᠡᠪᠠ
 
            