ᠡᠨᠡ ᠵᠢᠯ᠎ᠠᠴᠠ ᠪᠤᠭᠤᠲᠤ ᠬᠣᠲᠠ ᠬᠦᠴᠢᠷᠳᠡᠯ᠎ᠲᠠᠢ ᠬᠦᠴᠢᠷᠳᠡᠯᠲᠡᠶ ᠣᠯᠠᠨ ᠲᠦᠮᠡᠨ᠎ᠤ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠪᠦᠬᠦᠨ᠎ᠢ ᠪᠠᠲᠤᠯᠠᠬᠤ ᠲᠣᠤᠷ ᠵᠶ᠋ᠠᠨ ᠨᠠᠷᠢᠨ ᠨᠢᠭᠲᠠ ᠰᠦᠯᠵᠢᠪᠡ ᠃
ᠨᠢᠭᠡ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ 《ᠪᠠᠲᠤᠯᠠᠬᠤ ᠶᠣᠰᠣᠲᠠᠶ ᠵᠢ᠎ᠨᠢ ᠪᠦᠬᠦᠨ᠎ᠢ ᠪᠠᠲᠤᠯᠠᠬᠤ》 ᠵᠢ ᠪᠡᠶᠡᠯᠡᠭᠦᠯᠦᠨ᠎ᠡ᠃ ᠳᠣᠣᠷ᠎ᠠ ᠣᠷᠣᠯᠭ᠎ᠠ᠎ᠲᠠᠢ ᠭᠡᠷ ᠪᠦᠯᠢ ᠵᠢᠨ ᠬᠦᠨᠳᠦ ᠵᠡᠮᠳᠡᠭ ᠬᠥᠮᠦᠰ᠂ ᠬᠦᠨᠳᠦ ᠡᠪᠡᠳᠴᠢᠲᠡᠨ ᠵᠡᠷᠭᠡ ᠣᠨᠴᠠᠭ᠋ᠠᠢ ᠬᠦᠴᠢᠷᠳᠡᠯ᠎ᠲᠠᠢ ᠬᠥᠮᠦᠰ᠎ᠢ 《ᠭᠠᠭᠴᠠ ᠬᠥᠮᠦᠨ᠎ᠤ ᠪᠠᠲᠤᠯᠠᠭ᠎ᠠ》᠎ᠪᠠᠷ ᠯᠠᠪᠯᠠᠯᠲᠠ ᠪᠣᠯᠭ᠋ᠠᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠳᠤ ᠣᠷᠣᠭᠤᠯᠤᠨ᠎ᠠ᠃ ᠬᠣᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠣᠲᠠ ᠪᠠᠯᠭ᠋ᠠᠰᠤᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢ ᠬᠥᠮᠦᠨ ᠪᠦᠷᠢ ᠰᠠᠷ᠎ᠠ᠎ᠳᠤ 710 ᠲᠥᠭᠥᠷᠢᠭ᠂ ᠮᠠᠯᠵᠢᠬᠤ ᠲᠠᠷᠢᠶᠠᠯᠠᠬᠤ ᠣᠷᠣᠨ᠎ᠤ ᠬᠥᠮᠦᠨ ᠪᠦᠷᠢ ᠵᠢᠯ᠎ᠳᠤ 6040 ᠲᠥᠭᠥᠷᠢᠭ ᠪᠣᠯᠭ᠋ᠠᠵᠠᠢ᠃ ᠵᠢᠯ᠎ᠤᠨ ᠡᠴᠦᠰ᠎ᠲᠤ ᠪᠠᠷᠢᠮᠵᠢᠶ᠎ᠠ᠎ᠪᠠᠨ ᠳᠡᠭᠡᠭᠰᠢᠯᠡᠭᠦᠯᠵᠦ ᠬᠡᠪᠴᠢᠶ᠎ᠡ᠎ᠪᠠᠨ ᠥᠷᠭᠡᠳᠬᠡᠭᠰᠡᠨᠤ ᠳᠠᠷᠠᠭ᠋ᠠᠬᠢ ᠵᠢᠱ᠌ᠢᠯᠲᠡ᠎ᠪᠠᠷ ᠪᠥᠬᠥ ᠬᠣᠲᠠ᠎ᠳᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ 3500 ᠬᠥᠮᠦᠨ ᠰᠢᠨ᠎ᠡ᠎ᠪᠠᠷ ᠨᠡᠮᠡᠭᠳᠡᠵᠦ᠂ 4 ᠲᠦᠮᠡᠨ ᠬᠥᠮᠦᠨ ᠣᠷᠴᠢᠮ ᠪᠣᠯᠬᠤ ᠪᠣᠯᠤᠨ᠎ᠠ᠃
ᠬᠣᠶᠠᠷ᠎ᠲᠤ ᠲᠦᠷ ᠴᠠᠭ᠎ᠤᠨ ᠳᠤᠰᠠᠯᠠᠮᠵᠢ ᠵᠢᠨ ᠬᠦᠷᠢᠶ᠎ᠡ ᠬᠡᠪᠴᠢᠶ᠎ᠡ ᠵᠢ ᠥᠷᠭᠡᠳᠬᠡᠵᠦ᠂ 《ᠳᠤᠰᠠᠯᠠᠪᠠᠰᠤ ᠵᠣᠬᠢᠬᠤ ᠵᠢ᠎ᠨᠢ ᠪᠦᠬᠦᠨ᠎ᠢ ᠳᠤᠰᠠᠯᠠᠭᠰᠠᠨ》 ᠪᠠᠢ᠌ᠨ᠎ᠠ᠃ ᠬᠢᠵᠢᠭ᠎ᠲᠤ ᠨᠥᠯᠥᠭᠡᠯᠡᠭᠳᠡᠭᠡᠳ ᠠᠵᠢᠯ᠎ᠤᠨ ᠪᠠᠶ᠋ᠢᠷᠢ᠎ᠳᠠᠭᠠᠨ ᠪᠤᠴᠠᠵᠤ ᠠᠵᠢᠯ ᠵᠶ᠋ᠠᠨ ᠰᠡᠷᠭᠦᠭᠡᠬᠦ ᠵᠢᠨ ᠠᠷᠭ᠎ᠠ ᠦᠭᠡᠢ᠂ ᠭᠤᠷᠪᠠᠨ ᠰᠠᠷ᠎ᠠ ᠦᠷᠭᠦᠯᠵᠢᠯᠡᠨ ᠣᠷᠣᠯᠭ᠎ᠠ ᠦᠭᠡᠢ᠂ ᠠᠮᠢᠳᠤᠷᠠᠯ᠎ᠨᠢ ᠬᠦᠴᠢᠷᠲᠡᠶ ᠮᠥᠷᠲᠡᠭᠡᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠬᠠᠷᠠᠬᠠᠨ ᠪᠦᠷᠬᠦᠭᠡᠳᠤᠢ ᠬᠥᠯᠥᠰᠥᠨ ᠠᠵᠢᠯᠴᠢᠨ ᠵᠡᠷᠭᠡ᠎ᠳᠤ 500 ᠲᠥᠭᠥᠷᠢᠭ᠎ᠠᠴᠠ ᠳᠣᠣᠷ᠎ᠠ ᠦᠭᠡᠢ ᠲᠦᠷ ᠴᠠᠭ᠎ᠤᠨ ᠳᠤᠰᠠᠯᠠᠮᠵᠢ ᠣᠯᠭᠣᠵᠤ᠂ ᠡᠭᠦᠨ᠎ᠤ ᠬᠠᠮᠲᠤ ᠲᠦᠷ ᠴᠠᠭ᠎ᠤᠨ ᠳᠤᠰᠠᠯᠠᠮᠵᠢ ᠵᠢᠨ ᠪᠡᠯᠡᠳᠬᠡᠯ ᠮᠥᠩᠭᠥ ᠵᠢ ᠰᠢᠶᠠᠩ ᠪᠠᠯᠭ᠋ᠠᠰᠤ (ᠵᠡᠭᠡᠯᠢ ᠭᠤᠳᠤᠮᠵᠢ)᠎ᠳᠤ ᠪᠠᠭᠤᠯᠭ᠋ᠠᠵᠤ᠂ ᠣᠲᠣ ᠵᠢᠨ ᠬᠡᠷᠡᠭᠵᠢᠭᠦᠯᠵᠦ ᠪᠠᠶ᠋ᠢᠭ᠎ᠠ ᠳᠤᠰᠠᠯᠠᠮᠵᠢ ᠵᠢ ᠢᠳᠡᠪᠬᠢᠲᠡᠶ ᠶᠠᠪᠤᠭᠳᠠᠭᠤᠯᠤᠨ᠎ᠠ ᠃
ᠭᠤᠷᠪᠠ᠎ᠳᠤ ᠣᠨᠴᠠ ᠬᠦᠴᠢᠷᠳᠡᠯ᠎ᠲᠠᠢ ᠬᠥᠮᠦᠰ᠎ᠢ ᠳᠡᠳᠬᠦᠨ ᠲᠤᠰᠠᠯᠠᠵᠤ ᠠᠰᠠᠷᠠᠨ ᠬᠠᠷᠠᠭ᠋ᠠᠯᠵᠠᠬᠤ ᠬᠡᠪᠴᠢᠶ᠎ᠡ ᠵᠢ ᠦᠷᠭᠡᠳᠬᠡᠨ᠂ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡ ᠵᠢ ᠴᠢᠩᠭ᠋ᠠᠳᠬᠠᠨ᠎ᠠ᠃ ᠣᠨᠴᠠ ᠬᠦᠴᠢᠷᠳᠡᠯᠲᠡᠶ ᠬᠥᠮᠦᠰ᠎ᠤᠨ ᠠᠰᠠᠷᠠᠨ ᠬᠠᠷᠠᠭ᠋ᠠᠯᠵᠠᠬᠤ ᠵᠢ ᠬᠠᠮᠤᠷᠤᠭᠰᠠᠨ ᠨᠠᠰᠤᠨ᠎ᠳᠤ ᠦᠯᠦ ᠬᠦᠷᠦᠭᠰᠡᠳ᠎ᠤᠨ ᠨᠠᠰᠤ ᠵᠢ ᠪᠦᠬᠦᠯᠢ 16 ᠨᠠᠰᠤ ᠪᠠᠶ᠋ᠢᠭᠰᠠᠨ᠎ᠠᠴᠠ᠎ᠪᠠᠨ ᠪᠦᠬᠦᠯᠢ 18 ᠨᠠᠰᠤ ᠪᠣᠯᠭ᠋ᠠᠨ ᠤᠷᠲᠤᠳᠬᠠᠵᠤ᠂ ᠬᠣᠲᠠ ᠪᠠᠯᠭ᠋ᠠᠰᠤ ᠵᠢᠨ ᠣᠨᠴᠠ ᠬᠦᠴᠢᠷᠳᠡᠯᠲᠡᠶ ᠠᠰᠠᠷᠠᠨ ᠬᠠᠷᠠᠭ᠋ᠠᠯᠵᠠᠬᠤ ᠬᠥᠮᠦᠰ᠎ᠤᠨ ᠰᠠᠯᠤᠩᠬᠢ ᠠᠰᠠᠷᠠᠨ ᠬᠠᠷᠠᠭ᠋ᠠᠯᠵᠠᠬᠤ ᠪᠠᠷᠢᠮᠵᠢᠶ᠎ᠠ ᠵᠢ 400 ᠲᠥᠭᠥᠷᠢᠭ ᠨᠡᠮᠡᠭᠳᠡᠭᠦᠯᠤᠭᠡᠳ᠂ ᠬᠥᠮᠦᠨ ᠪᠦᠷᠢ ᠰᠠᠷ᠎ᠠ᠎ᠳᠤ 1600 ᠲᠦᠭᠦᠷᠢᠭ ᠪᠣᠯᠭ᠋ᠠᠪᠠ; ᠮᠠᠯᠵᠢᠬᠤ ᠲᠠᠷᠢᠶᠠᠯᠠᠬᠤ ᠣᠷᠣᠨ᠎ᠤ ᠣᠨᠴᠠ ᠬᠦᠴᠢᠷᠳᠡᠯᠲᠡᠶ ᠬᠥᠮᠦᠰ᠎ᠢ ᠰᠠᠯᠤᠩᠬᠢ ᠠᠰᠠᠷᠠᠨ ᠬᠠᠷᠠᠭ᠋ᠠᠯᠵᠠᠬᠤ ᠪᠠᠷᠢᠮᠵᠢᠶ᠎ᠠ ᠵᠢ 2590 ᠲᠥᠭᠥᠷᠢᠭ ᠨᠡᠮᠡᠵᠤ᠂ ᠬᠥᠮᠦᠨ ᠪᠦᠷᠢ ᠵᠢᠯ᠎ᠳᠤ 10000 ᠲᠥᠭᠥᠷᠢᠭ᠎ᠲᠤ ᠬᠦᠷᠭᠡᠪᠡ ᠃