ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ ᠪᠥᠬᠥ ᠠᠶ᠋ᠢᠮᠠᠭ᠎ᠤᠨ 2020 ᠣᠨ᠎ᠤ ᠳᠡᠭᠡᠷ᠎ᠡ ᠬᠠᠭ᠋ᠠᠰ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2020-07-31

 

   6 ᠳ᠋ᠤᠭ᠋ᠠᠷ ᠰᠠᠷ᠎ᠠ ᠵᠢᠨ 29᠎ᠤ ᠡᠳᠦᠷ ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ ᠪᠥᠬᠥ   ᠠᠢ᠌ᠮᠠᠭ᠎ᠤᠨ 2020 ᠣᠨ᠎ᠤ ᠳᠡᠭᠡᠳᠦ ᠬᠠᠭ᠋ᠠᠰ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠦᠨᠳᠦᠰᠦᠨ ᠵᠦᠢ᠍ᠯ᠎ᠢ ᠪᠠᠲᠤᠯᠠᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ   ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠳᠠᠷᠤᠭ᠎ᠠ ᠦᠯᠵᠡᠢ᠌ᠮᠡᠷᠭᠡᠨ ᠬᠤᠷᠠᠯ ᠡᠷᠭᠢᠯᠡᠵᠦ᠂ ᠠᠶ᠋ᠢᠮᠠᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠶᠠᠳᠠᠭᠤ ᠵᠢ ᠲᠡᠳᠬᠦᠬᠦ ᠠᠯᠪᠠᠨ ᠬᠡᠷ᠂ ᠵᠡᠮᠳᠡᠭᠴᠦᠳ᠎ᠤᠨ ᠬᠣᠯᠪᠣᠭ᠎ᠠ᠂ ᠡᠮ ᠡᠮᠨᠡᠯᠭᠡ ᠵᠢᠨ ᠳᠠᠭ᠋ᠠᠳᠬᠠᠯ ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠤᠳᠤᠷᠢᠳᠤᠯᠭ᠎ᠠ ᠵᠢᠴᠢ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃
    ᠬᠤᠷᠠᠯ ᠳᠡᠭᠡᠷ᠎ᠡ ᠬᠠᠮᠲᠤᠷᠠᠭᠰᠠᠨ ᠬᠤᠷᠠᠯ᠎ᠤᠨ ᠡᠯ᠎ᠡ ᠪᠦᠷᠢᠯᠳᠦᠬᠦᠨ ᠨᠢᠭᠡᠴᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ   ᠰᠢᠪᠲᠤᠯᠬᠤ ᠦᠨᠳᠦᠰᠦᠨ ᠵᠦᠢ᠍ᠯ᠎ᠢ ᠪᠠᠲᠤᠯᠠᠬᠤ ᠠᠵᠢᠯ᠎ᠤᠨ ᠳᠤᠮᠳᠠᠬᠢ ᠲᠤᠰ ᠲᠤᠰ᠎ᠤᠨ ᠡᠭᠦᠷᠭᠡ᠎ᠪᠠᠨ ᠨᠠᠢ᠌ᠲᠠᠪᠤᠷᠢᠵᠢᠭᠤᠯᠭᠰᠠᠨ ᠪᠠᠢ᠌ᠳᠠᠯ᠂ ᠠᠵᠢᠯ᠎ᠤᠨ ᠠᠬᠢᠴᠠ᠎ᠪᠠᠨ ᠬᠠᠷᠢᠭᠤ ᠮᠡᠳᠡᠭᠦᠯᠵᠠᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ ᠵᠶ᠋ᠠᠨ ᠬᠠᠷᠢᠯᠴᠠᠨ ᠵᠠᠳᠠᠯᠤᠨ ᠰᠣᠯᠢᠯᠴᠠᠵᠤ᠂ ᠲᠠᠷᠠᠭ᠋ᠠᠴᠢ ᠵᠢᠨ ᠠᠵᠢᠯ᠎ᠳᠤ᠎ᠪᠠᠨ ᠰᠠᠨᠠᠯ ᠰᠠᠨᠠᠭᠤᠯᠭ᠎ᠠ ᠳᠤᠷᠠᠳᠤᠪᠠ᠃ ᠪᠦᠷᠢᠯᠳᠦᠬᠦᠨ ᠨᠢᠭᠡᠴᠢ᠎ᠨᠢ ᠲᠠᠩᠰᠠ ᠺᠠᠷᠲ᠎ᠲᠠᠢ ᠶᠠᠳᠠᠭᠤ ᠬᠦᠴᠢᠷᠳᠡᠯ᠎ᠲᠠᠢ ᠬᠥᠮᠦᠨ ᠠᠮᠠ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠭᠥᠷᠳᠡᠭᠰᠡᠳ᠂ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ᠂ ᠵᠡᠮᠳᠡᠭᠴᠦᠳ᠂ ᠡᠮ ᠡᠮᠨᠡᠯᠭᠡ ᠵᠢᠨ ᠳᠠᠭ᠋ᠠᠳᠬᠠᠯ᠂ ᠡᠮᠴᠢᠯᠡᠭᠡᠨ᠎ᠤ ᠳᠤᠰᠠᠯᠠᠮᠵᠢ ᠵᠡᠷᠭᠡ ᠠᠵᠢᠯ᠎ᠤᠨ ᠲᠣᠭ᠎ᠠ ᠪᠠᠷᠢᠮᠲᠠ᠎ᠪᠠᠨ ᠬᠠᠮᠲᠤ᠎ᠪᠠᠷ ᠡᠳ᠋ᠯᠡᠬᠦ᠎ᠪᠠᠷ   ᠰᠣᠯᠢᠯᠴᠠᠭᠰᠠᠨ ᠪᠠᠢ᠌ᠨ᠎ᠠ᠃


ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠶᠦᠨ ᠭᠠᠩ ᠳ᠋ᠦᠩ ᠾᠧ ᠲᠣᠭᠣᠷᠢᠭ᠎ᠲᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠱᠠᠯᠠᠪᠳᠠᠭᠤᠯᠤᠨ ᠵᠢᠯᠤᠭᠤᠤᠡᠪᠠ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠳ ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠠᠵᠢᠯ᠎ᠤᠨ ᠲᠤᠬᠠᠢ ᠪᠠᠶ᠋ᠢᠴᠠᠭ᠋ᠠᠨ ᠰᠤᠳᠤᠯᠤᠯᠲᠠ ᠬᠢᠪᠡ
ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠭᠠᠵᠠᠷ᠎ᠤᠨ ᠨᠡᠷᠡᠢ᠌ᠲᠤᠯ᠎ᠤᠨ ᠣᠶ᠋ᠢᠯᠠᠯᠭ᠎ᠠ》 ᠵᠢ ᠨᠠᠶ᠋ᠢᠷᠠᠭᠤᠯᠤᠨ ᠪᠢᠴᠢᠬᠦ ᠠᠵᠢᠯ᠎ᠢ ᠲᠦᠷᠭᠡᠳᠬᠡᠨ ᠠᠬᠢᠭᠤᠯᠵᠤ ᠪᠤᠢ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠵᠣᠬᠢᠶᠠᠨ ᠪᠠᠢ᠌ᠭᠤᠯᠤᠯᠳᠠ ᠵᠢᠨ ᠳᠡᠩᠰᠡᠯᠡᠨ ᠬᠠᠮᠢᠶᠠᠷᠬᠤ ᠠᠵᠢᠯ᠎ᠤᠨ ᠪᠤᠯᠪᠠᠰᠤᠷᠠᠯ ᠬᠢᠪᠡ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠡᠤᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢᠨ ᠲᠤᠰᠬᠠᠶ ᠠᠵᠢᠯᠯᠠᠭ᠎ᠠ ᠥᠷᠨᠢᠭᠦᠯᠪᠡ
 
            