6 ᠳ᠋ᠤᠭ᠋ᠠᠷ ᠰᠠᠷ᠎ᠠ ᠵᠢᠨ 18ᠤ ᠡᠳᠦᠷ ᠤᠯᠠᠭ᠋ᠠᠨᠴᠠᠪ ᠬᠣᠲᠠ ᠵᠢᠨ ᠨᠠᠮᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨᠢ ᠬᠣᠲᠠ ᠵᠢᠨ ᠨᠠᠮᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠂ ᠬᠣᠲᠠ ᠵᠢᠨ ᠠᠷᠠᠳᠤᠨ ᠶᠠᠪᠤᠳᠠᠯᠤᠨ ᠲᠣᠪᠴᠢᠶ᠎ᠠ᠂ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠲᠠᠢ ᠬᠠᠮᠲᠤᠷᠠᠨ᠂ ᠪᠥᠬᠥ ᠬᠣᠲᠠ ᠵᠢᠨ ᠦᠨᠳᠦᠰᠦᠨ ᠱᠠᠲᠤᠨᠤ ᠰᠦᠯᠵᠢᠶᠡᠵᠢᠭᠦᠯᠦᠨ ᠵᠠᠰᠠᠬᠤ ᠲᠤᠬᠠᠶ᠋ᠢᠯᠠᠭᠰᠠᠨ ᠠᠵᠢᠯᠤᠨ ᠪᠣᠯᠪᠠᠰᠤᠷᠠᠯᠢ ᠡᠷᠭᠢᠯᠡᠪᠡ᠃ ᠪᠥᠬᠥ ᠬᠣᠲᠠ ᠵᠢᠨ ᠡᠯ᠎ᠡ ᠬᠣᠰᠢᠭᠤ ᠰᠢᠶᠠᠨ ᠬᠣᠲᠠ ᠲᠣᠭᠣᠷᠢᠭ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠥᠬᠥᠶ ᠰᠠᠯᠠᠭ᠎ᠠ ᠲᠠᠰᠤᠭᠤᠨ ᠬᠠᠷᠢᠭᠤᠴᠠᠯᠭ᠋ᠠᠲᠠᠨ ᠵᠢᠴᠢ ᠰᠦᠯᠵᠢᠶᠡᠴᠢᠨ᠂ ᠠᠷᠠᠳᠤᠨ ᠶᠠᠪᠤᠳᠠᠯᠤᠨ ᠲᠤᠰᠠᠯᠠᠭᠴᠢ ᠵᠡᠷᠭᠡ 568 ᠬᠥᠮᠦᠨ ᠪᠣᠯᠪᠠᠰᠤᠷᠠᠯ ᠳᠤ ᠣᠷᠣᠯᠴᠠᠪᠠ᠃
ᠲᠣᠰ ᠪᠣᠯᠪᠠᠰᠤᠷᠠᠯᠨᠢ ᠡᠯ᠎ᠡ ᠬᠣᠰᠢᠭᠤ ᠰᠢᠶᠠᠨ ᠬᠣᠲᠠ ᠲᠣᠭᠣᠷᠢᠭ᠂ ᠰᠤᠮᠤ ᠰᠢᠶᠠᠩ (ᠵᠡᠭᠡᠯᠢ ᠭᠤᠳᠤᠮᠵᠢ) ᠵᠢᠨ ᠦᠨᠳᠦᠰᠦᠨ ᠱᠠᠲᠤᠨᠤ ᠰᠦᠯᠵᠢᠶᠡᠵᠢᠭᠦᠯᠦᠨ ᠵᠠᠰᠠᠬᠤ ᠠᠵᠢᠯᠳᠤ ᠰᠢᠨ᠎ᠡ ᠱᠠᠭ᠋ᠠᠷᠳᠠᠯᠭ᠎ᠠ ᠳᠤᠷᠠᠳᠪᠠ᠃ 《ᠲᠠᠪᠤ ᠵᠢ ᠪᠣᠳᠠᠲᠠᠶ᠋ᠢᠵᠢᠭᠤᠯᠬᠤ᠂ ᠭᠤᠷᠪᠠ ᠵᠢ ᠵᠢᠷᠤᠮᠵᠢᠭᠤᠯᠬᠤ᠂ ᠨᠢᠭᠡ ᠵᠢ ᠠᠬᠢᠭᠤᠯᠬᠤ》ᠪᠠᠷ ᠦᠨᠳᠦᠰᠦᠨ ᠬᠡᠪ ᠵᠠᠭᠪᠤᠷ ᠪᠣᠯᠭ᠋ᠠᠵᠤ᠂ ᠬᠣᠲᠠ᠂ ᠰᠢᠶᠠᠨ᠂ ᠰᠢᠶᠠᠩ᠂ ᠲᠣᠰᠬᠣᠨ᠂ ᠰᠦᠯᠵᠢᠶ᠎ᠡ ᠵᠡᠷᠭᠡ ᠲᠠᠪᠤᠨ ᠱᠠᠲᠤᠨᠤ ᠵᠠᠰᠠᠯᠲᠠ ᠵᠢᠨ ᠰᠢᠰᠲ᠋ᠧᠮᠢ ᠪᠦᠷᠢᠲᠤᠭᠦᠯᠬᠦᠪᠠᠷ ᠴᠢᠷᠮᠠᠶ᠋ᠢᠨ᠂ ᠬᠥᠮᠦᠨ ᠪᠦᠬᠦᠨ ᠣᠷᠣᠯᠴᠠᠭᠰᠠᠨ᠂ ᠬᠠᠮᠲᠤᠪᠠᠷ ᠪᠠᠶ᠋ᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠠᠮᠤᠷ ᠳᠦᠪᠰᠢᠨ ᠡᠶ᠎ᠡ ᠵᠣᠬᠢᠴᠠᠯᠲᠠᠢ ᠨᠡᠶ᠋ᠢᠭᠡᠮ ᠲᠣᠭᠣᠷᠢᠭᠤᠨ ᠵᠠᠰᠠᠯᠲᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠵᠤ᠂ ᠦᠨᠳᠦᠰᠦᠨ ᠱᠠᠲᠤᠨᠤ ᠵᠠᠰᠠᠯᠲᠠ ᠵᠢᠨ ᠪᠠᠶ᠋ᠢᠭᠤᠯᠤᠯᠢ ᠤᠯᠠᠮ ᠲᠡᠭᠦᠯᠳᠡᠷᠵᠢᠭᠦᠯᠵᠦ᠂ ᠵᠠᠰᠠᠯᠲᠠ ᠵᠢᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠤᠨ᠂ ᠬᠤᠳᠠ ᠬᠥᠳᠡᠭᠡ ᠨᠡᠶ᠋ᠢᠭᠡᠮ ᠲᠣᠭᠣᠷᠢᠭᠤᠨ ᠦᠢ᠍ᠯᠡᠴᠢᠯᠡᠭᠡ ᠬᠠᠮᠢᠶᠠᠷᠤᠯᠲᠠ᠂ ᠤᠯᠠᠨ ᠨᠡᠶ᠋ᠢᠲᠡ ᠵᠢᠨ ᠠᠮᠤᠷ ᠳᠦᠪᠰᠢᠨᠢ ᠪᠦᠲᠦᠮᠵᠢᠲᠡᠶ ᠪᠠᠲᠤᠯᠠᠬᠤ ᠠᠵᠢᠯᠤᠨ ᠬᠠᠷᠠᠯᠲᠠ ᠵᠢ ᠪᠡᠶᠡᠯᠡᠭᠦᠯᠬᠦᠳᠤ ᠣᠷᠣᠰᠢᠨ᠎ᠠ᠃