ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠳᠤᠮᠳᠠ ᠴᠢᠮᠥᠭᠡᠨ ᠶᠠᠰᠤᠨ᠎ᠤ ᠦᠬᠦᠵᠢᠯ᠎ᠢ ᠡᠮᠨᠡᠨ ᠵᠠᠰᠠᠬᠤ ᠳᠤᠰᠠᠯᠠᠮᠵᠢ ᠵᠢᠨ ᠮᠥᠩᠭᠥ ᠣᠯᠭᠣᠬᠤ ᠶᠣᠰᠣᠯᠠᠯ ᠪᠤᠭᠤᠲᠤ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2020-07-31

    2015 ᠣᠨ᠎ᠠᠴᠠ ᠡᠬᠢᠯᠡᠨ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠣᠲᠠ ᠵᠢᠨ ᠨᠢᠭᠦᠯᠡᠰᠤᠩᠭᠦᠢ ᠵᠢᠨ ᠶᠡᠷᠦᠩᠬᠡᠶ ᠡᠪᠯᠡᠯ ᠪᠣᠯᠤᠨ ᠪᠤᠭᠤᠲᠤ ᠵᠢᠨ ᠶᠦᠨ ᠯᠦᠩ ᠶᠠᠰᠤᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ ᠬᠠᠮᠲᠤᠷᠠᠨ 《ᠳᠤᠮᠳᠠ ᠴᠢᠮᠤᠭᠡᠨ ᠶᠠᠰᠤᠨ᠎ᠤ ᠦᠬᠦᠵᠢᠯ᠎ᠢ ᠡᠮᠨᠡᠨ ᠵᠠᠰᠠᠬᠤ ᠳᠤᠰᠠᠯᠠᠮᠵᠢ ᠵᠢᠨ ᠲᠥᠷᠥᠯ ᠵᠦᠢ᠍ᠯ》᠎ᠢ ᠣᠳᠣ ᠪᠣᠯᠲᠠᠯ᠎ᠠ ᠨᠢᠭᠡᠨᠲᠡ ᠭᠤᠷᠪᠠᠨ ᠬᠤᠭᠤᠴᠠᠭ᠎ᠠ ᠠᠮᠵᠢᠯᠲᠠ᠎ᠲᠠᠢ ᠦᠷᠨᠢᠭᠦᠯᠤᠭᠡᠳ᠂ 400 ᠭᠠᠷᠤᠶ ᠶᠠᠳᠠᠭᠤ ᠬᠦᠴᠢᠷᠳᠡᠯᠲᠡᠶ ᠡᠪᠡᠳᠴᠢᠲᠡᠨ᠎ᠢ ᠡᠮᠨᠡᠨ ᠡᠳᠡᠭᠡᠷᠡᠭᠦᠯᠤᠭ᠌ᠰᠡᠨ ᠪᠠᠢ᠌ᠨ᠎ᠠ  ᠃
   6 ᠳ᠋ᠤᠭ᠋ᠠᠷ ᠰᠠᠷ᠎ᠠ ᠵᠢᠨ 24᠎ᠤ ᠡᠳᠦᠷ 《ᠡᠨᠡ ᠳᠡᠯᠡᠬᠡᠢ᠎ᠳᠤ ᠢᠳᠡᠷᠡᠭᠦᠨ ᠠᠯᠬᠤᠬᠤ》 ᠡᠮᠨᠡᠨ ᠵᠠᠰᠠᠬᠤ ᠳᠤᠰᠠᠯᠠᠮᠵᠢ ᠵᠢᠨ   ᠲᠥᠷᠥᠯ ᠵᠦᠢ᠍ᠯ᠎ᠤᠨ ᠨᠢᠭᠦᠯᠡᠰᠦᠩᠭᠦᠶ ᠵᠢᠨ ᠳᠤᠰᠠᠯᠠᠮᠵᠢ ᠵᠢᠨ ᠮᠦᠩᠭᠦ ᠣᠯᠭᠣᠬᠤ ᠶᠣᠰᠣᠯᠠᠯ ᠶᠦᠨ ᠯᠦᠩ ᠶᠠᠰᠤᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠎ᠳᠤ ᠶᠠᠪᠤᠭᠳᠠᠪᠠ᠃ ᠬᠤᠷᠠᠯ ᠳᠡᠭᠡᠷ᠎ᠡ ᠪᠤᠭᠤᠲᠤ ᠬᠣᠲᠠ ᠵᠢᠨ ᠨᠢᠭᠦᠯᠡᠰᠦᠩᠭᠦᠶ ᠵᠢᠨ ᠶᠡᠷᠦᠩᠬᠡᠶ ᠡᠪᠯᠡᠯ ᠪᠤᠭᠤᠲᠤ ᠵᠢᠨ ᠶᠦᠨ ᠯᠦᠩ ᠶᠠᠰᠤᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ᠎ᠲᠠᠢ ᠬᠠᠮᠲᠤᠷᠠᠨ 《ᠡᠨᠡ ᠳᠡᠯᠡᠬᠡᠢ᠎ᠳᠤ ᠢᠳᠡᠷᠡᠭᠦᠨ ᠠᠯᠬᠤᠬᠤ》 ᠭᠤᠷᠪᠠᠳᠤᠭ᠋ᠠᠷ ᠬᠤᠭᠤᠴᠠᠭ᠋ᠠᠨ᠎ᠤ ᠡᠮ ᠡᠮᠨᠡᠯᠭᠡ ᠵᠢᠨ ᠳᠤᠰᠠᠯᠠᠮᠵᠢ ᠵᠢᠨ ᠲᠥᠷᠥᠯ ᠵᠦᠢ᠍ᠯ᠎ᠳᠤ ᠳᠤᠰᠠᠯᠠᠭᠰᠠᠨ ᠲᠦᠷᠦᠭᠦᠤ ᠪᠦᠯᠦᠭ 21 ᠰᠡᠭᠦᠵᠢ᠂ ᠡᠪᠦᠳᠦᠭ᠎ᠤᠨ ᠦᠶ᠎ᠡ ᠰᠣᠯᠢᠬᠤ ᠡᠪᠡᠳᠴᠢᠲᠡᠨ᠎ᠳᠤ ᠮᠡᠰᠡ ᠵᠠᠰᠠᠯ᠎ᠤᠨ ᠨᠦᠬᠦᠪᠤᠷᠢ ᠨᠡᠶ᠋ᠢᠲᠡ 73000 ᠭᠠᠷᠤᠶ ᠲᠥᠭᠥᠷᠢᠭ᠎ᠢ ᠭᠠᠷᠳᠠᠭᠤᠯᠪᠠ᠃ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠯᠢᠦ ᠯᠢ ᠫᠢᠩ ᠲᠣᠪᠴᠢᠶᠠᠨ ᠳᠠᠷᠤᠭ᠎ᠠ᠂ ᠸᠠᠩ ᠯᠢ ᠫᠢᠩ ᠲᠣᠭᠣᠷᠢᠨ ᠪᠠᠢ᠌ᠴᠠᠭ᠋ᠠᠭᠴᠢ  ᠂ ᠬᠣᠲᠠ ᠵᠢᠨ ᠤᠯᠠᠭ᠋ᠠᠨ ᠵᠠᠯᠮᠠᠭ᠋ᠠᠢ᠌ᠲᠠᠨ ᠎ᠤ ᠨᠡᠶ᠋ᠢᠭᠡᠮᠯᠢᠭ᠎ᠤᠨ ᠢᠦᠶ ᠾᠧ ᠳᠡᠳ᠋ ᠳᠠᠷᠤᠭ᠎ᠠ᠂ ᠬᠥᠨᠳᠡᠯᠡᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠯᠢ ᠴᠠᠩ ᠮᠤᠤ ᠳᠡᠳ᠋ ᠳᠠᠷᠤᠭ᠎ᠠ ᠪᠠ ᠬᠥᠨᠳᠡᠯᠡᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠯᠢᠦ ᠸᠧᠶ ᠲᠣᠪᠴᠢᠶᠠᠨ ᠳᠠᠷᠤᠭ᠎ᠠ᠂ ᠭᠦᠶᠡᠩ ᠰᠢᠶᠠᠨ᠎ᠤ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠮᠠ ᠴᠦᠩ ᠭᠣᠣ ᠲᠣᠪᠴᠢᠶᠠᠨ ᠳᠠᠷᠤᠭ᠎ᠠ ᠶᠣᠰᠤᠯᠠᠯ ᠎ᠳᠤ ᠣᠷᠣᠯᠴᠠᠪᠠ᠃
    ᠡᠬᠢᠯᠡᠯᠲᠡ ᠵᠢᠨ ᠶᠣᠰᠣᠯᠠᠯ ᠳᠡᠭᠡᠷ᠎ᠡ ᠪᠤᠭᠤᠲᠤ ᠵᠢᠨ ᠶᠦᠨ ᠯᠦᠩ ᠶᠠᠰᠤᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶ᠎ᠠ ᠵᠢᠨ   ᠳᠠᠷᠤᠭ᠎ᠠ ᠡᠤ ᠵᠢᠶᠦ᠋ᠨ ᠯᠢᠨ 《ᠡᠨᠡ ᠳᠡᠯᠡᠬᠡᠢ᠎ᠳᠤ ᠢᠳᠡᠷᠡᠭᠦᠨ ᠠᠯᠬᠤᠬᠤ》 ᠡᠮᠨᠡᠨ ᠵᠠᠰᠠᠬᠤ ᠳᠤᠰᠠᠯᠠᠮᠵᠢ ᠵᠢᠨ ᠲᠥᠷᠥᠯ ᠵᠦᠢ᠍ᠯ᠎ᠢ ᠬᠡᠷᠡᠭᠵᠢᠭᠦᠯᠦᠭᠰᠡᠨ ᠪᠠᠶ᠋ᠢᠳᠠᠯ᠎ᠢ ᠲᠠᠨᠢᠯᠴᠠᠭᠤᠯᠪᠠ᠃ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶᠠᠨ᠎ᠤ ᠲᠣᠭᠣᠷᠢᠨ ᠪᠠᠢ᠌ᠴᠠᠭ᠋ᠠᠭᠴᠢ ᠸᠠᠩ ᠯᠢ ᠫᠢᠩ ᠶᠠᠷᠢᠶ᠎ᠠ ᠲᠠᠯᠪᠢᠵᠠᠢ᠃ ᠶᠤᠰᠤᠯᠠᠯ᠎ᠤᠨ ᠳᠠᠷᠠᠭ᠎ᠠ ᠯᠢᠤ ᠯᠢ ᠫᠢᠩ ᠨᠠᠷ ᠮᠡᠰᠡ ᠵᠠᠰᠠᠯ ᠬᠢᠭᠰᠡᠨ ᠡᠪᠡᠳᠴᠢᠲᠡᠨ᠎ᠢ ᠪᠣᠯᠭᠤᠭ᠋ᠠᠨ ᠲᠣᠬᠣᠨᠢᠭᠤᠯᠪᠠ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠬᠦᠴᠢᠷᠳᠡᠯ᠎ᠲᠠᠢ ᠣᠯᠠᠨ ᠲᠦᠮᠡᠨ᠎ᠤ ᠪᠠᠲᠤᠯᠠᠭ᠎ᠠ ᠵᠢᠨ ᠬᠡᠪᠴᠢᠶ᠎ᠡ ᠵᠢ ᠥᠷᠭᠡᠳᠬᠡᠵᠦ ᠦᠨᠳᠦᠰᠦᠨ ᠵᠦᠢ᠍ᠯ ᠎ᠢ ᠪᠠᠲᠤᠯᠠᠬᠤ ᠲᠣᠤᠷ᠎ᠢ ᠨᠠᠷᠢᠨ ᠨᠢᠭᠲᠠ ᠰᠦᠯᠵᠢᠪᠡ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠲᠦᠷᠦᠭᠦᠯᠡᠨ ᠪᠥᠬᠥ ᠠᠶ᠋ᠢᠮᠠᠭ᠎ᠤᠨ 2020 ᠣᠨ᠎ᠤ ᠳᠡᠭᠡᠷ᠎ᠡ ᠬᠠᠭ᠋ᠠᠰ ᠵᠢᠯ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠢ ᠬᠤᠷᠠᠯᠳᠤᠭᠤᠯᠪᠠ
ᠶᠦᠨ ᠭᠠᠩ ᠳ᠋ᠦᠩ ᠾᠧ ᠲᠣᠭᠣᠷᠢᠭ᠎ᠲᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠱᠠᠯᠠᠪᠳᠠᠭᠤᠯᠤᠨ ᠵᠢᠯᠤᠭᠤᠤᠡᠪᠠ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠳ ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠠᠵᠢᠯ᠎ᠤᠨ ᠲᠤᠬᠠᠢ ᠪᠠᠶ᠋ᠢᠴᠠᠭ᠋ᠠᠨ ᠰᠤᠳᠤᠯᠤᠯᠲᠠ ᠬᠢᠪᠡ
ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠭᠠᠵᠠᠷ᠎ᠤᠨ ᠨᠡᠷᠡᠢ᠌ᠲᠤᠯ᠎ᠤᠨ ᠣᠶ᠋ᠢᠯᠠᠯᠭ᠎ᠠ》 ᠵᠢ ᠨᠠᠶ᠋ᠢᠷᠠᠭᠤᠯᠤᠨ ᠪᠢᠴᠢᠬᠦ ᠠᠵᠢᠯ᠎ᠢ ᠲᠦᠷᠭᠡᠳᠬᠡᠨ ᠠᠬᠢᠭᠤᠯᠵᠤ ᠪᠤᠢ
 
            