ᠣᠶ᠋ᠢᠷ᠎ᠠ᠎ᠳᠤ ᠰᠢᠯᠢ ᠵᠢᠨ ᠭᠤᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠰᠢᠯᠢ ᠵᠢᠨ ᠭᠣᠤᠯ ᠠᠶ᠋ᠢᠮᠠᠭ᠎ᠤᠨ ᠭᠠᠵᠠᠷ᠎ᠤᠨ ᠨᠡᠷᠡᠢ᠌ᠲᠤᠯ᠎ᠤᠨ ᠣᠶ᠋ᠢᠯᠠᠯᠭ᠎ᠠ》 ᠵᠢᠨ ᠳᠡᠳ᠋ ᠡᠷᠬᠢᠯᠡᠭᠴᠢ ᠨᠠᠶ᠋ᠢᠷᠠᠭᠤᠯᠤᠭᠴᠢ ᠪᠣᠯᠤᠨ ᠣᠷᠣᠨ ᠬᠤᠪᠢᠶᠠᠷᠢᠯᠠᠯ ᠭᠠᠵᠠᠷ᠎ᠤᠨ ᠨᠡᠷᠡᠢ᠌ᠲᠤᠯ᠎ᠤᠨ ᠰᠠᠯᠠᠭ᠋ᠠᠨ᠎ᠤ ᠠᠵᠢᠯᠲᠠᠨ᠎ᠢ ᠲᠣᠮᠢᠯᠠᠨ ᠪᠦᠬᠦ ᠠᠶ᠋ᠢᠮᠠᠭ᠎ᠤᠨ ᠡᠯ᠎ᠡ ᠭᠠᠵᠠᠷ᠎ᠲᠤ ᠣᠴᠢᠭᠤᠯᠵᠤ ᠨᠠᠶ᠋ᠢᠷᠠᠭᠤᠯᠤᠨ ᠪᠢᠴᠢᠬᠦ ᠠᠵᠢᠯ ᠢ ᠠᠬᠢᠭᠤᠯᠵᠤ᠂ ᠨᠢᠭᠡ ᠨᠢᠭᠡ᠎ᠪᠠᠷ ᠨᠢᠭᠤᠷᠳᠠᠨ ᠰᠠᠨᠠᠯ ᠵᠶ᠋ᠠᠨ ᠰᠣᠯᠢᠯᠴᠠᠪᠠ᠃ ᠣᠷᠣᠰᠢᠵᠤ ᠪᠠᠶ᠋ᠢᠭ᠎ᠠ ᠠᠰᠠᠭᠤᠳᠠᠯ᠎ᠳᠤ ᠵᠠᠰᠠᠪᠤᠷᠢ ᠤᠷᠤᠭᠤᠯᠤᠨ ᠲᠡᠬᠦᠯᠳᠡᠷᠵᠢᠬᠦᠯᠵᠠᠢ ᠃ ᠵᠠᠬᠢᠳᠠᠯ ᠵᠢᠡᠷ ᠬᠠᠷᠢᠯᠴᠠᠭᠰᠠᠨ ᠠᠵᠢᠯ᠎ᠤᠨ ᠠᠬᠢᠴᠠ ᠨᠡᠯᠢᠶᠡᠳ ᠲᠦᠷᠭᠡᠨ᠂ ᠡᠬᠡ ᠪᠢᠴᠢᠭ᠎ᠤᠨ ᠶᠠᠰᠤ ᠴᠢᠨᠠᠷ ᠨᠡᠯᠢᠶᠡᠳ ᠰᠠᠶ᠋ᠢᠨ ᠭᠠᠵᠠᠷ ᠣᠷᠣᠨ ᠵᠶ᠋ᠠᠷ ᠬᠦᠷᠴᠤ ᠨᠥᠬᠥᠪᠥᠷᠢᠯᠡᠨ ᠲᠡᠭᠦᠯᠳᠡᠷᠵᠢᠭᠦᠯᠬᠦ ᠵᠢ ᠱᠠᠭ᠋ᠠᠷᠳᠠᠵᠠᠢ ᠃
《ᠭᠠᠵᠠᠷ᠎ᠤᠨ ᠨᠡᠷᠡᠢ᠌ᠲᠤᠯ᠎ᠤᠨ ᠣᠶ᠋ᠢᠯᠠᠯᠭ᠎ᠠ ᠵᠢ ᠨᠠᠶ᠋ᠢᠷᠠᠭᠤᠯᠤᠨ ᠪᠢᠴᠢᠬᠦ ᠬᠥᠲᠥᠯᠪᠦᠷᠢ》 ᠪᠠ ᠨᠠᠢ᠌ᠷᠠᠭᠤᠯᠤᠨ ᠪᠢᠴᠢᠬᠦ 〈〈 ᠵᠠᠭᠪᠤᠷ〉〉 ᠢ ᠦᠨᠳᠦᠰᠦᠯᠡᠨ᠂ ᠡᠯ᠎ᠡ ᠲᠥᠷᠥᠯ᠎ᠤᠨ ᠬᠥᠮᠦᠨ ᠨᠡᠶ᠋ᠢᠭᠡᠮ᠎ᠤᠨ ᠭᠠᠵᠠᠷ ᠵᠦᠶ ᠵᠢᠨ ᠪᠣᠳᠠᠲᠤ ᠴᠣᠭᠴᠠ ᠵᠢ ᠨᠠᠢ᠌ᠷᠠᠭᠤᠯᠤᠨ ᠤᠷᠤᠭᠤᠯᠬᠤ ᠵᠢᠨ ᠬᠠᠮᠲᠤ ᠵᠠᠰᠠᠭ ᠵᠠᠬᠢᠷᠭ᠋ᠠᠨ᠎ᠤ ᠨᠢᠭᠡᠴᠢ ᠠᠵᠢᠯ ᠤᠢ᠌ᠯᠡᠰ᠎ᠤᠨ ᠨᠢᠭᠡᠴᠢ ᠵᠢᠨ ᠠᠵᠢᠯ᠎ᠢ ᠨᠠᠷᠢᠰᠬᠠᠵᠤ᠂ ᠣᠯᠠᠨ ᠤᠳᠠᠭ᠎ᠠ ᠤᠲᠠᠰᠤ᠎ᠪᠠᠷ ᠪᠤᠶᠤ ᠠᠭᠤᠯᠵᠠᠨ ᠶᠠᠷᠢᠯᠴᠠᠬᠤ ᠵᠡᠷᠭᠡ ᠠᠷᠭ᠎ᠠ ᠪᠠᠷ ᠡᠬᠡ ᠪᠢᠴᠢᠭ᠎ᠤᠳ ᠵᠢᠡᠨ ᠪᠦᠷᠢᠳᠦᠬᠦᠯᠵᠤ ᠪᠤᠢ᠃ ᠡᠭᠦᠨ᠎ᠤ ᠬᠠᠮᠲᠤ ᠨᠤᠮ᠎ᠤᠨ ᠨᠣᠮᠧᠷ ᠭᠤᠶᠤᠴᠢᠯᠠᠬᠤ ᠠᠵᠢᠯ᠂ ᠮᠦᠩᠬᠦ ᠲᠥᠰᠦᠪ ᠲᠣᠬᠢᠷᠠᠭᠤᠯᠬᠤ ᠪᠠ ᠭᠡᠪᠯᠡᠯ᠎ᠤᠨ ᠬᠤᠷᠢᠶ᠎ᠠ᠎ᠲᠠᠢ ᠬᠠᠷᠢᠯᠴᠠᠬᠤ ᠠᠵᠢᠯ᠎ᠢ ᠢᠳᠡᠪᠬᠢᠳᠡᠢ ᠬᠢᠵᠤ ᠪᠠᠢ᠌ᠨ᠎ᠠ᠃