5 ᠳ᠋ᠤᠭ᠋ᠠᠷ ᠰᠠᠷ᠎ᠠ ᠵᠢᠨ 7᠎ᠤ ᠡᠳᠦᠷ ᠪᠤᠭᠤᠲᠤ ᠬᠣᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ᠂ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠳᠤᠯᠬᠤ ᠲᠤᠰᠬᠠᠶ ᠠᠵᠢᠯ᠎ᠤᠨ ᠬᠢᠨᠠᠨ ᠵᠢᠯᠣᠭᠣᠳᠴᠤ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ ᠶᠦᠨ ᠭᠠᠩ ᠳ᠋ᠦᠩ ᠾᠧ ᠲᠤᠭᠤᠷᠢᠭ᠎ᠲᠤ ᠬᠦᠷᠴᠦ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠱᠠᠯᠠᠪᠳᠠᠭᠤᠯᠤᠨ ᠵᠢᠯᠣᠭᠣᠳᠴᠤ ᠪᠠᠶ᠋ᠢᠴᠠᠭ᠋ᠠᠨ ᠰᠤᠳᠤᠯᠪᠠ᠃
ᠶᠦᠨ ᠭᠠᠩ ᠨᠠᠷ 3 ᠶᠠᠳᠠᠭᠤ ᠬᠦᠴᠢᠷᠳᠡᠯᠲᠡᠢ ᠡᠷᠦᠬᠡ᠎ᠳᠤ ᠬᠦᠷᠴᠦ᠂ ᠲᠡᠳᠡᠨ᠎ᠤ ᠦᠢ᠍ᠯᠡᠳᠪᠦᠷᠢᠯᠡᠯ ᠠᠮᠢᠳᠤᠷᠠᠯ ᠪᠣᠯᠤᠨ ᠭᠡᠷ ᠪᠦᠯᠢ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠪᠠ᠃
ᠶᠤᠢ᠍ᠠ ᠭᠠᠩ ᠴᠢᠬᠤᠯᠠᠴᠢᠯᠠᠭᠰᠠᠨ᠎ᠨᠢ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠳᠠᠶ᠋ᠢᠯᠠᠯᠳᠤᠭ᠋ᠠᠨ ᠤᠳᠤ ᠶᠠᠭ ᠬᠠᠮᠤᠭ ᠡᠴᠦᠰ᠎ᠤᠨ ᠵᠠᠩᠭᠢᠯᠠᠭ᠎ᠠ ᠵᠢᠨ ᠴᠠᠭ ᠦᠶ᠎ᠡ᠎ᠳᠤ ᠲᠤᠯᠵᠤ᠂ ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠬᠦ ᠬᠡᠷᠡᠭᠲᠡᠢ ᠪᠤᠯᠵᠤ᠂ ᠭᠣᠣᠯᠳᠠᠯᠭ᠎ᠠ᠎ᠲᠠᠢ ᠡᠲᠡᠭᠡᠳ᠎ᠤᠨ ᠭᠡᠷ ᠪᠦᠯᠢ ᠵᠢᠨ ᠦᠨᠳᠦᠰᠦᠨ ᠠᠮᠢᠳᠤᠷᠠᠯ᠎ᠤᠨ ᠪᠠᠶ᠋ᠢᠳᠠᠯ ᠪᠠ ᠦᠷᠬᠦᠯᠵᠢ ᠶᠠᠳᠠᠭᠤᠷᠠᠬᠤ ᠳᠠᠬᠢᠨ ᠶᠠᠳᠠᠭᠤᠷᠠᠬᠤ ᠪᠤᠯᠤᠯᠴᠠᠭ᠎ᠠ ᠪᠠᠶ᠋ᠢᠳᠠᠯ᠎ᠢ ᠨᠠᠷᠢᠨ ᠵᠢᠭᠰᠠᠭ᠋ᠠᠨ ᠪᠠᠢ᠌ᠴᠠᠭ᠋ᠠᠵᠤ᠂ ᠠᠰᠠᠭᠤᠳᠠᠯ᠎ᠢ ᠪᠠᠶ᠋ᠢᠴᠠᠭ᠋ᠠᠨ ᠡᠷᠢᠵᠦ᠂ ᠠᠵᠢᠯ᠎ᠤᠨ ᠠᠷᠭ᠎ᠠ᠎ᠪᠠᠨ ᠬᠠᠯᠠᠨ ᠰᠠᠶ᠋ᠢᠵᠢᠷᠠᠭᠤᠯᠵᠤ᠂ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ᠎ᠳᠤ 《ᠨᠢᠭᠡ ᠡᠷᠦᠬᠡ᠂ ᠨᠢᠭᠡ ᠬᠥᠮᠦᠨ᠎ᠢ ᠴᠦ᠍ ᠣᠷᠬᠢᠭᠳᠠᠭᠤᠯᠬᠤ ᠦᠭᠡᠢ》 ᠪᠠᠶ᠋ᠢᠬᠤ ᠵᠢ ᠪᠠᠳᠤᠯᠠᠬᠤ ᠭᠡᠷᠡᠭᠳᠡᠢ ᠭᠡᠵᠡᠢ᠃