ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠡᠤᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢᠨ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-05-27

 

    ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ᠎ᠪᠠᠷ ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠨᠡ ᠵᠢᠯ᠎ᠤᠨ 4 ᠳ᠋ᠤᠭᠡᠷ ᠰᠠᠷ᠎ᠠ ᠵᠢᠨ 25᠎ᠤ ᠡᠳᠦᠷ᠎ᠠᠴᠠ ᠡᠬᠢᠯᠡᠨ ᠪᠥᠬᠥ ᠬᠣᠲᠠ ᠵᠢᠨ ᠬᠡᠪᠴᠢᠶᠡᠨ᠎ᠳᠤ 《ᠬᠡᠤᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠬᠥᠳᠡᠯᠦᠩᠭᠦᠶ ᠬᠠᠮᠢᠶᠠᠷᠤᠯᠲᠠ ᠵᠢ ᠨᠠᠷᠢᠯᠢᠭ ᠣᠨᠣᠴᠠᠵᠢᠭᠤᠯᠤᠨ ᠳᠡᠭᠡᠭᠰᠢᠯᠡᠭᠦᠯᠬᠦ ᠣᠨ᠎ᠤ ᠲᠤᠰᠬᠠᠶ ᠠᠵᠢᠯᠯᠠᠭ᠎ᠠ》 ᠵᠢ ᠥᠷᠨᠢᠭᠦᠯᠵᠡᠶ᠃ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠬᠡᠤᠬᠡᠳ᠂ ᠬᠣᠲᠠ ᠬᠥᠳᠡᠭᠡ ᠵᠢᠨ ᠬᠦᠴᠢᠷᠳᠡᠯᠲᠡᠶ ᠭᠡᠤᠭᠡᠳ᠂ ᠥᠨᠥᠴᠢᠨ ᠬᠡᠤᠬᠡᠳ᠂ ᠠᠶ᠋ᠢᠽ ᠡᠪᠡᠳᠴᠢᠨ᠎ᠤ ᠸᠢᠷᠦ᠋ᠰ᠎ᠲᠤ ᠬᠠᠯᠳᠠᠪᠤᠷᠢᠯᠠᠭᠳᠠᠭᠰᠠᠨ ᠬᠡᠤᠬᠡᠳ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠡᠭᠡᠨ ᠬᠣᠴᠣᠷᠤᠭᠰᠠᠨ ᠡᠮᠡᠭᠲᠡᠶ᠋ᠢᠴᠦᠳ᠂ ᠰᠤᠮᠤ ᠰᠢᠶᠠᠩ᠎ᠤᠨ ᠬᠡᠤᠬᠡᠳ᠎ᠤᠨ ᠠᠵᠢᠯ᠎ᠤᠨ ᠬᠢᠨᠠᠨ ᠵᠢᠯᠤᠭᠤᠳᠤᠠᠠᠴᠢ᠂ ᠲᠣᠰᠬᠣᠨ᠎ᠤ ᠬᠡᠤᠬᠡᠳ᠎ᠤᠨ ᠡᠷᠬᠢᠯᠡᠭᠴᠢ ᠵᠡᠷᠭᠡ ᠲᠤᠯᠤᠭ᠋ᠠᠨ ᠲᠥᠷᠥᠯ᠎ᠤᠨ ᠬᠥᠮᠦᠰ ᠪᠠ ᠬᠡᠤᠬᠡᠳ᠎ᠤᠨ ᠠᠰᠠᠷᠠᠮᠵᠢ ᠵᠢᠨ ᠬᠦᠷᠢᠶᠡᠯᠡᠩ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ᠎ᠤᠨ ᠦᠨᠳᠦᠰᠦᠨ ᠪᠠᠢ᠌ᠳᠠᠯ᠎ᠤᠨ ᠮᠡᠳᠡᠭᠡ ᠵᠠᠩᠭᠢ ᠵᠢ ᠭᠣᠤᠯᠳᠠᠯᠭ᠎ᠠ᠎ᠲᠠᠢ ᠪᠠᠶ᠋ᠢᠴᠠᠭ᠋ᠠᠵᠤ ᠬᠢᠨᠠᠨ ᠬᠠᠷᠭᠤᠭᠤᠯᠵᠠᠢ᠃   ᠲᠡᠭᠡᠭᠡᠤᠨ ᠠᠷᠠᠳ᠎ᠤᠨ ᠶᠠᠪᠤᠳᠠᠯ᠎ᠤᠨ ᠶᠠᠮᠤᠨ᠎ᠤ ᠰᠢᠨ᠎ᠡ᠎ᠪᠠᠷ ᠨᠡᠭᠡᠭᠡᠭᠰᠡᠨ ᠪᠦᠬᠦ ᠤᠯᠤᠰ᠎ᠤᠨ ᠬᠡᠤᠬᠡᠳ᠎ᠤᠨ ᠠᠰᠠᠷᠠᠮᠵᠢ ᠵᠢᠨ ᠶᠡᠷᠦᠩᠬᠡᠶ᠋ᠢᠯᠡᠭᠰᠡᠨ ᠬᠠᠮᠢᠶᠠᠷᠤᠯᠲᠠ ᠵᠢᠨ ᠰᠢᠰᠲ᠋ᠧᠮ᠎ᠳᠤ ᠤᠷᠤᠭᠤᠯᠬᠤ᠂ ᠤᠢ᠌ᠯᠡᠴᠢᠯᠡᠬᠦ ᠡᠲᠡᠭᠡᠳ ᠪᠠ ᠪᠠᠶ᠋ᠢᠭᠤᠯᠤᠮᠵᠢ ᠵᠢ 《ᠨᠢᠭᠡ ᠦᠷᠳᠡᠭᠡᠨ》 ᠎ᠳᠤ ᠬᠠᠮᠳᠤᠷᠠᠭᠤᠯᠵᠤ ᠴᠤᠠᠠᠴᠠᠯᠠᠵᠠᠢ᠃
    ᠣᠳᠣᠬᠠᠨ᠎ᠳᠤ᠂ ᠪᠦᠬᠦ ᠬᠣᠲᠠ ᠵᠢᠨ ᠡᠯ᠎ᠡ ᠬᠣᠰᠢᠭᠤ ᠰᠢᠶᠠᠨ ᠲᠣᠭᠣᠷᠢᠭ ᠲᠥᠯᠥᠪᠯᠡᠭᠡ ᠶᠣᠰᠣᠭ᠋ᠠᠷ ᠡᠯ᠎ᠡ ᠵᠤᠢ᠌ᠯ᠎ᠤᠨ ᠠᠵᠢᠯ ᠵᠢᠡᠨ ᠡᠮᠬᠢ ᠵᠢᠷᠤᠮ᠎ᠲᠠᠢ ᠶᠠᠪᠤᠠᠠᠳᠠᠭᠤᠯᠵᠤ᠂ 5 ᠳ᠋ᠤᠭ᠋ᠠᠷ ᠰᠠᠷ᠎ᠠ ᠵᠢᠨ ᠳᠤᠮᠳᠠᠴᠢ᠎ᠠᠴᠠ ᠡᠮᠦᠨ᠎ᠡ ᠬᠡᠦᠬᠡᠳ᠎ᠤᠨ ᠠᠵᠢᠯᠲᠠᠨ᠎ᠤ ᠮᠡᠳᠡᠭᠡ ᠵᠠᠩᠭᠢ ᠵᠢ ᠰᠢᠩᠭᠡᠭᠡᠨ ᠤᠷᠤᠭᠤᠯᠵᠤ᠂ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠤᠢ᠌ᠯᠡᠴᠢᠯᠡᠬᠦ ᠡᠲᠡᠭᠡᠳ᠎ᠢ ᠦᠢ᠍ᠯᠠᠭ᠋ᠠᠨ     ᠮᠡᠳᠡᠭᠡ ᠵᠠᠩᠭᠢ ᠵᠢ ᠰᠢᠩᠭᠡᠭᠡᠨ ᠤᠷᠤᠭᠤᠯᠵᠤ᠂ 10 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯᠯᠠᠭ᠎ᠠ ᠵᠢᠨ ᠦᠷ᠎ᠡ ᠪᠦᠲᠦᠭᠡᠯ᠎ᠢ ᠰᠤᠭᠤᠴᠢᠨ ᠪᠠᠶ᠋ᠢᠴᠠᠭ᠋ᠠᠵᠤ ᠦᠨᠡᠯᠡᠨ ᠵᠢᠱ᠌ᠢᠬᠦ ᠵᠢ ᠪᠡᠶᠡᠯᠡᠭᠦᠯᠬᠦ᠎ᠪᠠᠷ ᠪᠣᠢ᠃  

 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠤᠯᠪᠠᠰᠤᠷᠠᠯ᠎ᠤᠨ ᠲᠠᠶ᠋ᠢᠯᠤᠮᠵᠢ ᠬᠢᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠭᠣᠤᠯᠳᠠᠯᠭ᠎ᠠ᠎ᠲᠠᠢ ᠠᠵᠢᠯ᠂ ᠭᠣᠤᠯᠳᠠᠯᠭ᠎ᠠ᠎ᠲᠠᠢ ᠲᠥᠷᠥᠯ ᠵᠤᠢ᠌ᠯ᠎ᠳᠤ ᠪᠠᠢ᠌ᠴᠠᠭ᠋ᠠᠨ ᠰᠤᠳᠤᠯᠤᠯᠳᠠ ᠬᠢᠪᠡ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠲᠤᠰᠬᠠᠶ ᠠᠵᠢᠯᠯᠠᠭ᠎ᠠ ᠵᠢ ᠦᠷᠨᠢᠬᠦᠯᠪᠡ
ᠤᠯᠠᠭ᠋ᠠᠨᠴᠠᠪ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠤᠶᠤᠨᠴᠢ ᠤᠢ᠌ᠯᠡᠴᠢᠯᠡᠭᠡ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠪᠠ
ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠭᠡᠯᠢ ᠭᠤᠳᠤᠮᠵᠢ ᠵᠢᠨ ᠡᠭᠦᠷᠭᠡ ᠴᠢᠳᠠᠪᠤᠷᠢ᠎ᠪᠠᠨ ᠬᠤᠪᠢᠷᠠᠭᠤᠯᠬᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠦᠨᠳᠦᠰᠦᠨ ᠱᠠᠲᠤᠨ᠎ᠤ ᠵᠠᠰᠠᠯᠳᠡ ᠵᠢᠨ ᠰᠢᠨ᠎ᠡ ᠬᠥᠭᠵᠢᠯᠲᠡ ᠵᠢ ᠠᠬᠢᠭᠤᠯᠪᠠ
 
            