ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠬᠥᠯᠥᠨ ᠪᠤᠢ᠍ᠢ᠍ᠷ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠥᠳᠡᠯᠮᠦᠷᠢᠴᠢᠳ᠎ᠤᠨ ᠪᠠᠶᠠᠷ᠎ᠤᠨ ᠬᠤᠭᠤᠴᠠᠭ᠋ᠠᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠪᠡ
ᠨᠡᠶᠢᠲᠡᠯᠡᠭᠰᠡᠨ ᠴᠠᠭ᠄ 2020-06-02

   《ᠲᠠᠪᠤᠨ ᠰᠠᠷ᠎ᠠ ᠵᠢᠨ ᠨᠢᠭᠡᠨ》᠎ᠤ ᠬᠥᠳᠡᠯᠮᠦᠷᠢᠴᠢᠳ᠎ᠤᠨ ᠪᠠᠶᠠᠷ᠎ᠤᠨ ᠬᠤᠭᠤᠴᠠᠭ᠋ᠠᠨ᠎ᠳᠤ ᠬᠦᠯᠤᠨ ᠪᠦᠢ᠍ᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠶᠤᠯᠭᠦᠶ ᠤᠢ᠌ᠯᠠᠤᠡᠪᠤᠷᠢᠯᠡᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠷᠢᠨ   ᠬᠢᠨᠠᠮᠠᠭ᠋ᠠᠢ ᠨᠡᠢ᠌ᠳᠡᠪᠤᠷᠢᠵᠢᠭᠤᠯᠵᠤ᠂ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠍ᠭᠤᠯᠤᠮᠵᠢ ᠵᠢᠨ ᠠᠮᠤᠷ ᠲᠦᠪᠰᠢᠨ ᠡᠮᠬᠢ ᠵᠢᠷᠤᠮ᠎ᠲᠠᠢ ᠠᠵᠢᠯᠯᠠᠬᠤ ᠵᠢ ᠪᠠᠳᠤᠯᠠᠪᠠ᠃
   5 ᠳ᠋ᠤᠭ᠋ᠠᠷ ᠰᠠᠷ᠎ᠠ ᠵᠢᠨ 1᠎ᠤ ᠡᠳᠦᠷ᠂ ᠬᠥᠯᠥᠨ ᠪᠣᠶ᠋ᠢᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠼᠦᠢ ᠵᠢᠶᠦ᠋ᠨ ᠹᠸᠩ ᠬᠥᠯᠥᠨ ᠪᠣᠶ᠋ᠢᠷ ᠬᠣᠲᠠ ᠵᠢᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠳᠤ ᠬᠦᠷᠴᠦ ᠡᠮᠨᠡᠯᠭᠡ᠎ᠳᠤ ᠪᠠᠶ᠋ᠢᠭ᠎ᠠ ᠨᠠᠰᠤᠳᠠᠤᠨ ᠪᠠ ᠡᠮᠦᠨ᠎ᠡ ᠹᠷᠣᠨᠲ᠎ᠲᠤ ᠴᠠᠭ ᠨᠡᠮᠡᠵᠦ ᠠᠵᠢᠯᠯᠠᠵᠤ ᠪᠠᠶ᠋ᠢᠭ᠎ᠠ ᠠᠵᠢᠯᠳᠠᠤᠨ᠎ᠢ ᠪᠣᠯᠭᠣᠭ᠋ᠠᠨ ᠲᠣᠬᠣᠨᠢᠭᠤᠯᠵᠤ᠂ ᠢᠳᠡᠭᠡᠨ᠎ᠤ ᠠᠮᠤᠷ ᠲᠦᠪᠰᠢᠨ᠂ ᠭᠠᠯ᠎ᠤᠨ ᠠᠮᠤᠷ ᠲᠦᠪᠰᠢᠨ ᠪᠠ ᠬᠢᠵᠢᠭ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠪᠠᠶ᠋ᠢᠴᠠᠭ᠋ᠠᠪᠠ᠃  
  4 ᠳ᠋ᠦ᠍ᠭᠡᠷ ᠰᠠᠷ᠎ᠠ ᠵᠢᠨ 29᠎ᠤ ᠡᠳᠦᠷ᠂ ᠬᠠᠶ᠋ᠢᠯᠠᠷ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠠᠶ᠋ᠢᠯᠠᠷ ᠲᠣᠭᠣᠷᠢᠭ᠎ᠤᠨ ᠨᠠᠰᠤᠵᠢᠯ᠎ᠤᠨ ᠪᠠᠶ᠋ᠢᠭᠤᠯᠤᠮᠵᠢ ᠵᠢᠨ ᠠᠶᠤᠯ ᠦᠭᠡᠢ ᠤᠢ᠌ᠯᠠᠤᠡᠪᠤᠷᠢᠯᠡᠯ᠎ᠤᠨ ᠠᠵᠢᠯ᠎ᠢ ᠪᠠᠶ᠋ᠢᠴᠠᠭ᠋ᠠᠪᠠ᠃ ᠣᠷᠣᠰᠢᠵᠤ ᠪᠠᠢ᠌ᠭ᠎ᠠ ᠠᠰᠠᠭᠤᠳᠠᠯ᠎ᠳᠤ ᠴᠢᠭᠯᠡᠭᠦᠯᠦᠨ᠂ ᠪᠠᠶ᠋ᠢᠴᠠᠭ᠋ᠠᠬᠤ ᠳᠤᠭᠤᠶ᠋ᠢᠯᠠᠩ᠎ᠠᠴᠠ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠬᠠᠷᠢᠭᠤᠴᠠᠯᠭ᠋ᠠᠲᠠᠨ᠎ᠳᠤ ᠨᠠᠰᠤᠵᠢᠯ᠎ᠤᠨ ᠪᠠᠶ᠋ᠢᠭᠤᠯᠤᠮᠵᠢ ᠵᠢᠨ ᠠᠮᠤᠷ ᠲᠦᠪᠰᠢᠨ᠎ᠤ ᠬᠠᠮᠢᠶᠠᠷᠤᠯᠲᠠ ᠪᠠ ᠤᠢ᠌ᠯᠡᠴᠢᠯᠡᠭᠡᠨ᠎ᠤ ᠶᠠᠰᠤ ᠴᠢᠨᠠᠷ᠎ᠤᠨ ᠠᠵᠢᠯ᠎ᠢ ᠴᠢᠬᠤᠯᠠᠴᠢᠯᠠᠬᠤ ᠭᠡᠷᠡᠭᠳᠡᠢ ᠭᠡᠵᠤ ᠱᠠᠭ᠋ᠠᠷᠳᠠᠵᠤ᠂   ᠦᠪᠡᠷᠲᠡᠭᠡᠨ ᠰᠡᠷᠭᠡᠶ᠋ᠢᠯᠡᠬᠦ᠂   ᠦᠪᠡᠷᠲᠡᠭᠡᠨ ᠪᠠᠶ᠋ᠢᠴᠠᠭ᠋ᠠᠬᠤ᠂ ᠥᠪᠡᠷ᠎ᠢ᠎ᠪᠠᠨ ᠠᠪᠤᠷᠠᠬᠤ ᠴᠢᠳᠠᠪᠤᠷᠢ ᠵᠢ ᠨᠡᠮᠡᠭᠳᠡᠬᠦᠯᠵᠡᠢ᠃
   4 ᠳ᠋ᠦ᠍ᠭᠡᠷ ᠰᠠᠷ᠎ᠠ ᠵᠢᠨ 28᠎ᠤ ᠡᠳᠦᠷ᠎ᠠᠴᠠ 29᠎ᠤ ᠡᠳᠦᠷ ᠪᠣᠯᠲᠠᠯ᠎ᠠ᠂ ᠶᠠᠭᠰᠢ ᠬᠣᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠠᠴᠠ ᠬᠣᠲᠠ ᠵᠢᠨ ᠲᠣᠭᠣᠷᠢᠭ᠎ᠤᠨ 18 ᠨᠠᠰᠤᠵᠢᠯ᠎ᠤᠨ ᠦᠢ᠍ᠯᠡᠴᠢᠯᠡᠭᠡ ᠵᠢᠴᠢ ᠣᠷᠣᠰᠢᠭᠤᠯᠭ᠎ᠠ ᠵᠢᠨ ᠤᠢ᠌ᠯᠡᠴᠢᠯᠡᠭᠡ᠂ ᠠᠪᠤᠷᠠᠨ ᠲᠤᠰᠠᠯᠠᠬᠤ ᠬᠠᠮᠢᠶᠠᠷᠤᠯᠲᠠ ᠵᠡᠷᠭᠡ ᠪᠠᠶ᠋ᠢᠭᠤᠯᠤᠮᠵᠢ ᠵᠢᠨ ᠠᠶᠤᠯᠭᠦᠶ ᠤᠢ᠌ᠯᠠᠤᠡᠪᠤᠷᠢᠯᠡᠯ ᠵᠢᠴᠢ ᠬᠢᠵᠢᠭ ᠎ᠢ ᠰᠡᠷᠭᠡᠶ᠋ᠢᠯᠡᠨ ᠡᠵᠡᠮᠳᠡᠬᠦ ᠠᠵᠢᠯ᠎ᠳᠤ ᠬᠠᠮᠲᠤᠷᠠᠭᠰᠠᠨ ᠪᠠᠶ᠋ᠢᠴᠠᠭ᠋ᠠᠯᠲᠠ ᠬᠢᠵᠤ᠂ ᠡᠯ᠎ᠡ ᠨᠢᠭᠡᠴᠢ ᠵᠢᠨ 《ᠭᠤᠷᠪᠠ ᠵᠢ ᠰᠡᠷᠭᠡᠶ᠋ᠢᠯᠡᠬᠦ》 ᠠᠵᠢᠯ᠎ᠢ ᠰᠠᠶ᠋ᠢᠲᠤᠷ ᠬᠢᠯᠭᠡᠵᠤ᠂ ᠠᠮᠤᠷ ᠲᠦᠪᠰᠢᠨ᠎ᠢ   ᠪᠠᠳᠤᠯᠠᠬᠤ᠎ᠪᠠᠷ ᠱᠠᠭ᠋ᠠᠷᠳᠠᠵᠠᠢ᠃

 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠠᠩᠬᠠᠳᠠᠭᠴᠢ ᠪᠠᠶ᠋ᠢᠭᠤᠯᠤᠮᠵᠢ ᠵᠢᠨ ᠨᠠᠰᠤᠵᠢᠯ᠎ᠤᠨ ᠤᠢ᠌ᠯᠡᠴᠢᠯᠡᠭᠡᠨ᠎ᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠨᠡᠶ᠋ᠢᠲᠡᠯᠡᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠᠶᠠᠷ ᠳᠤᠷᠠᠰᠬᠠᠯ᠎ᠤᠨ ᠬᠤᠭᠤᠴᠠᠭ᠋ᠠᠨ᠎ᠳᠠᠬᠢ ᠰᠠᠬᠢᠯᠭ᠎ᠠ ᠪᠠᠲᠤ ᠵᠢ ᠴᠢᠩᠭ᠋ᠠᠤᠡᠬᠠᠵᠠᠢ
ᠯᠢᠦ ᠯᠢ ᠫᠢᠩ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠵᠶ᠋ᠠᠨ ᠳᠠᠭ᠋ᠠᠭᠤᠯᠤᠨ ᠭᠦᠶᠡᠩ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠡᠳᠦᠰᠦᠨ ᠵᠤᠢ᠌ᠯ᠎ᠢ ᠪᠠᠳᠤᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
ᠤᠯᠠᠭ᠋ᠠᠠᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠶ᠋ᠢᠭᠡᠮ ᠲᠣᠭᠣᠷᠢᠭ᠎ᠤᠨ ᠵᠠᠰᠠᠯᠲᠠ ᠵᠢᠨ ᠪᠠᠶ᠋ᠢᠭᠤᠯᠤᠯ ᠲᠣᠭᠲᠠᠴᠠ ᠵᠢ ᠦᠭᠡᠷᠡᠴᠢᠯᠡᠵᠤ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠲᠡᠭᠡᠭᠰᠢᠯᠡᠬᠦᠯᠵᠦ ᠪᠤᠢ
 
            