ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠪᠤᠭᠤᠲᠤ ᠬᠣᠲᠠ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠪᠡ
ᠨᠡᠶᠢᠲᠡᠯᠡᠭᠰᠡᠨ ᠴᠠᠭ᠄ 2020-05-20

    ᠣᠶ᠋ᠢᠷ᠎ᠠ᠎ᠳᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠣᠲᠠ ᠵᠢᠨ ᠠᠷᠠᠳ᠎ᠤᠨ ᠰᠢᠭᠦᠬᠦ   ᠬᠣᠷᠢᠶ᠎ᠠ   ᠵᠡᠷᠭᠡ 12 ᠰᠠᠯᠠᠭ᠎ᠠ ᠮᠥᠴᠢᠷ ᠬᠠᠮᠲᠤᠷᠠᠨ 《ᠪᠤᠭᠤᠲᠤ ᠬᠣᠲᠠ ᠵᠢᠨ ᠪᠣᠳᠠᠲᠠᠢ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠨᠡᠶ᠋ᠢᠲᠡᠯᠡᠵᠠᠢ᠃
  《ᠬᠡᠷᠡᠭᠵᠢᠭᠦᠯᠬᠦ ᠰᠠᠨᠠᠯ》᠎ᠳᠤ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠬᠦᠷᠢᠶ᠎ᠡ ᠬᠡᠪᠴᠢᠶ᠎ᠡ ᠵᠢ ᠲᠣᠳᠣᠷᠬᠠᠶ ᠲᠣᠭᠲᠠᠭ᠋ᠠᠪᠠ᠂ ᠡᠨᠡ᠎ᠨᠢ ᠭᠣᠤᠯᠳᠠᠭᠤ ᠡᠴᠢᠭᠡ ᠡᠬᠡ ᠬᠣᠶᠠᠷ ᠲᠠᠯ᠎ᠠ᠎ᠪᠠᠷ ᠵᠶ᠋ᠠᠨ ᠴᠥᠮ ᠬᠦᠨᠳᠦ ᠵᠡᠮᠳᠡᠭ᠂ ᠬᠦᠨᠳᠦ ᠡᠪᠡᠳᠴᠢᠨ᠎ᠲᠠᠢ᠂ ᠡᠷᠡᠭᠦᠤ ᠵᠢᠨ ᠰᠢᠳᠬᠡᠯ ᠵᠶ᠋ᠠᠷ ᠬᠣᠷᠢᠭᠳᠠᠵᠤ ᠪᠠᠶ᠋ᠢᠭ᠎ᠠ᠂ ᠠᠯᠪᠠᠳᠠᠯᠭ᠎ᠠ᠎ᠪᠠᠷ ᠲᠤᠰᠠᠭ᠋ᠠᠷᠯᠠᠨ ᠬᠣᠤᠷ ᠳᠠᠲᠠᠬᠤ ᠵᠢ᠎ᠨᠢ   ᠵᠣᠭᠰᠣᠭ᠋ᠠᠵᠤ ᠪᠠᠢ᠌ᠭ᠎ᠠ᠂ ᠪᠤᠰᠤᠳ ᠪᠡᠶ᠎ᠡ ᠵᠢᠨ ᠡᠷᠬᠡ ᠴᠢᠯᠥᠭᠡ ᠵᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠠᠢ᠌ᠭ᠎ᠠ᠂ ᠬᠠᠷᠢᠯᠴᠠᠭ᠎ᠠ ᠬᠣᠯᠪᠣᠭ᠎ᠠ᠎ᠪᠠᠨ ᠠᠯᠳᠠᠭᠰᠠᠨ ᠪᠠᠶ᠋ᠢᠳᠠᠯ᠎ᠤᠨ ᠨᠢᠭᠡ ᠪᠤᠶᠤ ᠡᠴᠢᠭᠡ ᠡᠬᠡ ᠵᠢᠨ ᠨᠢᠭᠡ᠎ᠨᠢ ᠥᠭᠦᠭᠰᠡᠨ ᠪᠤᠶᠤ ᠠᠯᠠᠭ᠎ᠠ ᠪᠣᠯᠤᠭᠰᠠᠨ; ᠨᠥᠭᠥᠭᠡ ᠨᠢᠭᠡ᠎ᠨᠢ ᠬᠦᠨᠳᠦ ᠵᠡᠮᠳᠡᠭ᠂ ᠬᠦᠨᠳᠦ ᠡᠪᠡᠳᠴᠢᠨ᠎ᠲᠠᠢ᠂ ᠡᠷᠡᠭᠦᠤ ᠵᠢᠨ ᠰᠢᠳᠬᠡᠯ ᠵᠶ᠋ᠠᠷ ᠬᠣᠷᠢᠭᠳᠠᠵᠤ ᠪᠠᠶ᠋ᠢᠭ᠎ᠠ᠂ ᠠᠯᠪᠠᠳᠠᠯᠭ᠎ᠠ᠎ᠪᠠᠷ ᠲᠤᠰᠠᠭ᠋ᠠᠷᠯᠠᠨ ᠬᠣᠤᠷ ᠳᠠᠲᠠᠬᠤ ᠵᠢ᠎ᠨᠢ ᠵᠣᠭᠰᠣᠭ᠋ᠠᠵᠤ ᠪᠠᠢ᠌ᠭ᠎ᠠ᠂ ᠪᠤᠰᠤᠳ ᠪᠡᠶ᠎ᠡ ᠵᠢᠨ ᠡᠷᠬᠡ ᠴᠢᠯᠥᠭᠡ ᠵᠢ᠎ᠨᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠠᠢ᠌ᠭ᠎ᠠ᠂ ᠬᠠᠷᠢᠯᠴᠠᠭ᠎ᠠ ᠬᠣᠯᠪᠣᠭ᠎ᠠ᠎ᠪᠠᠨ ᠠᠯᠳᠠᠭᠰᠠᠨ ᠪᠠᠢ᠌ᠳᠠᠯ ᠵᠡᠷᠭᠡ ᠵᠢᠨ ᠨᠢᠭᠡ᠎ᠠᠴᠠ ᠪᠣᠯᠵᠤ ᠡᠴᠢᠭᠡ ᠡᠬᠡ ᠬᠣᠶᠠᠷ᠎ᠨᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠵᠤ ᠳᠡᠢ᠌ᠯᠬᠦ ᠦᠭᠡᠢ ᠪᠤᠶᠤ ᠪᠦᠷᠢᠮᠤᠰᠤᠨ ᠭᠦᠢ᠍ᠴᠡᠳᠬᠡᠵᠤ ᠳᠡᠢ᠌ᠯᠬᠦ ᠦᠭᠡᠢ ᠪᠠᠢ᠌ᠳᠠᠯ᠎ᠢ ᠬᠡᠯᠡᠵᠤ ᠪᠣᠢ᠃
   《ᠬᠡᠷᠡᠭᠵᠢᠭᠦᠯᠬᠦ ᠰᠠᠨᠠᠯ》᠎ᠳᠤ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠦᠨᠡᠯᠡᠨ ᠳᠣᠭᠲᠠᠭ᠋ᠠᠬᠤ᠂ ᠪᠠᠢ᠌ᠴᠠᠭ᠋ᠠᠨ ᠬᠠᠷᠭᠤᠭᠤᠯᠬᠤ᠂ ᠰᠢᠯᠭ᠋ᠠᠨ ᠨᠣᠲᠠᠯᠠᠬᠤ᠂ ᠬᠢᠨᠠᠨ ᠵᠦᠪᠰᠢᠶᠡᠷᠡᠬᠦ ᠵᠡᠷᠭᠡ ᠳᠥᠷᠪᠡᠨ ᠲᠠᠯ᠎ᠠ ᠵᠢᠨ ᠶᠠᠪᠤᠴᠠ ᠵᠢ ᠵᠢᠷᠤᠮᠵᠢᠭᠤᠯᠪᠠ᠃ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠦᠨᠡᠯᠡᠨ ᠲᠣᠭᠲᠠᠭ᠋ᠠᠬᠤ᠎ᠳᠤ ᠬᠡᠤᠬᠡᠳ᠎ᠤᠨ ᠬᠠᠷᠠᠭ᠋ᠠᠯᠵᠠᠨ ᠬᠠᠮᠠᠭ᠋ᠠᠯᠠᠭᠴᠢ ᠪᠤᠶᠤ ᠬᠠᠷᠠᠭ᠋ᠠᠯᠵᠠᠨ ᠬᠠᠮᠠᠭ᠋ᠠᠯᠠᠭᠴᠢ ᠵᠢᠨ ᠨᠠᠢ᠌ᠲᠠᠯᠠᠭ᠎ᠠ ᠵᠢ ᠬᠦᠯᠢᠶᠡᠭᠰᠡᠨ ᠣᠶ᠋ᠢᠷ᠎ᠠ ᠲᠥᠷᠥᠯ ᠰᠠᠳᠤᠨ᠎ᠨᠢ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠬᠡᠷᠡᠭ ᠡᠷᠬᠢᠯᠡᠬᠦ ᠭᠠᠵᠠᠷ᠎ᠲᠤ ᠭᠤᠶᠤᠴᠢᠯᠠᠯ ᠭᠠᠷᠭ᠋ᠠᠵᠤ᠂ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠬᠡᠷᠡᠭ ᠡᠷᠬᠢᠯᠡᠬᠦ ᠭᠠᠵᠠᠷ᠎ᠠᠴᠠ ᠭᠡᠷᠡᠴᠢ ᠮᠠᠲ᠋ᠧᠷᠢᠶᠠᠯ ᠵᠢᠴᠢ ᠮᠡᠳᠡᠭᠡ ᠵᠠᠩᠭᠢ ᠵᠢᠨ ᠬᠠᠷᠢᠴᠠᠭᠤᠯᠤᠯ ᠵᠶ᠋ᠠᠷ ᠪᠠᠶ᠋ᠢᠴᠠᠭ᠋ᠠᠨ ᠰᠢᠯᠭ᠋ᠠᠵᠤ᠂ ᠬᠤᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠡᠴᠦᠰ᠎ᠤᠨ ᠨᠤᠲᠠᠯᠠᠯᠲᠠ ᠬᠢᠨ᠎ᠠ᠃ ᠨᠥᠬᠥᠴᠡᠯ᠎ᠳᠤ ᠨᠡᠶ᠋ᠢᠴᠡᠭᠰᠡᠨ ᠪᠠᠢ᠌ᠪᠠᠯ ᠳᠠᠷᠠᠭ᠎ᠠ ᠰᠠᠷ᠎ᠠ᠎ᠠᠴᠠ᠎ᠨᠢ ᠡᠬᠢᠯᠡᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠡᠴᠢᠭᠡ ᠡᠬᠡ᠎ᠨᠢ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ᠎ᠪᠠᠨ ᠳᠠᠭᠢᠵᠤ ᠭᠦᠢ᠍ᠴᠡᠳᠬᠡᠵᠤ ᠳᠡᠢ᠌ᠯᠬᠦ᠎ᠠᠴᠠ ᠪᠣᠯᠵᠣ ᠪᠠᠲᠤᠯᠠᠭ᠎ᠠ ᠵᠢᠨ ᠨᠦᠬᠦᠴᠡᠯ᠎ᠳᠤ ᠨᠡᠶ᠋ᠢᠴᠡᠬᠦ ᠥᠬᠡᠶ ᠪᠣᠯᠤᠭᠰᠠᠨ ᠪᠠᠶ᠋ᠢᠪᠠᠯ ᠪᠠᠲᠤᠯᠠᠭ᠎ᠠ ᠵᠢ   ᠴᠠᠭ ᠲᠤᠬᠠᠶ᠎ᠳᠤᠨᠢ ᠳᠠᠭᠤᠰᠬᠠᠬᠤ ᠬᠡᠷᠡᠭᠲᠡᠶ ᠭᠡᠵᠠᠢ᠃
  《ᠬᠡᠷᠡᠭᠵᠢᠭᠦᠯᠬᠦ ᠰᠠᠨᠠᠯ》᠎ᠳᠤ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠂ ᠡᠮ ᠡᠮᠨᠡᠯᠭᠡ᠂ ᠰᠤᠷᠭ᠋ᠠᠨ ᠬᠥᠮᠦᠵᠢᠯ ᠵᠡᠷᠭᠡ ᠲᠠᠯ᠎ᠠ ᠵᠢᠨ ᠡᠷᠬᠡ ᠠᠰᠢᠭ᠎ᠢ ᠭᠣᠤᠯᠳᠠᠯᠭ᠎ᠠ᠎ᠲᠠᠢ ᠪᠠᠲᠤᠯᠠᠬᠤ ᠬᠡᠷᠡᠭᠲᠠᠢ ᠭᠡᠵᠤ ᠲᠣᠳᠣᠷᠬᠠᠢ᠌ᠯᠠᠵᠠᠢ᠃ ᠨᠢᠭᠡ᠎ᠳᠤ᠂ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠨᠡᠶ᠋ᠢᠭᠡᠮ᠎ᠤᠨ ᠰᠠᠯᠤᠩᠬᠢ ᠰᠠᠭᠤᠵᠤ ᠪᠠᠶ᠋ᠢᠭ᠎ᠠ ᠥᠨᠥᠴᠢᠨ ᠬᠡᠤᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ᠎ᠯᠤᠭ᠎ᠠ ᠠᠳᠠᠯᠢ᠎ᠪᠠᠷ ᠪᠣᠳᠠᠲᠠᠢ ᠬᠠᠷᠠᠭ᠋ᠠᠯᠵᠠᠨ ᠬᠠᠮᠠᠭ᠋ᠠᠯᠠᠬᠤ ᠬᠥᠮᠦᠨ ᠦᠭᠡᠶ ᠬᠡᠤᠬᠡᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠨᠥᠬᠥᠪᠥᠷᠢ ᠵᠢᠨ ᠪᠠᠷᠢᠮᠵᠢᠶ᠎ᠠ ᠵᠢ ᠲᠣᠭᠲᠠᠭ᠋ᠠᠨ᠎ᠠ᠃ 2020 ᠣᠨ᠎ᠤ 1 ᠳ᠋ᠤᠭᠡᠷ ᠰᠠᠷ᠎ᠠ᠎ᠠᠴᠠ ᠡᠬᠢᠯᠡᠨ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠵᠤ᠂   ᠰᠠᠷ᠎ᠠ ᠪᠦᠷᠢ 1700 ᠲᠥᠭᠥᠷᠢᠭ᠎ᠤᠨ ᠪᠠᠲᠤᠯᠠᠭ᠎ᠠ ᠵᠢᠨ ᠪᠠᠷᠢᠮᠵᠢᠶ᠎ᠠ᠎ᠪᠠᠷ ᠠᠮᠢᠳᠤᠷᠠᠯ᠎ᠤᠨ ᠨᠥᠬᠥᠪᠥᠷᠢ ᠣᠯᠭᠣᠨ᠎ᠠ᠃ ᠬᠣᠶᠠᠷ᠎ᠲᠤ᠂ ᠡᠮ ᠡᠮᠨᠡᠯᠭᠡ ᠡᠷᠡᠭᠦᠯᠵᠢᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠨᠥᠬᠥᠴᠡᠯ᠎ᠳᠤ ᠨᠡᠶ᠋ᠢᠴᠡᠭᠰᠡᠨ ᠪᠣᠳᠠᠲᠠᠢ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠲᠤ   ᠳᠣᠭᠲᠠᠭ᠋ᠠᠯ ᠶᠣᠰᠣᠭ᠋ᠠᠷ ᠡᠮᠴᠢᠯᠡᠭᠡᠨ ᠵᠶ᠋ᠠᠷ ᠲᠤᠰᠠᠯᠠᠬᠤ ᠵᠢ ᠬᠡᠷᠡᠭᠵᠢᠭᠦᠯᠦᠨ᠎ᠡ᠃ ᠳᠤᠰᠠᠯᠠᠮᠵᠢ᠎ᠪᠠᠷ ᠳᠠᠭ᠋ᠠᠳᠬᠠᠯ᠎ᠳᠤ ᠣᠷᠣᠯᠴᠠᠬᠤ ᠲᠥᠷᠥ ᠵᠢᠨ ᠪᠣᠳᠣᠯᠭ᠎ᠠ ᠵᠢ ᠲᠥᠷᠥᠯ ᠬᠤᠪᠢᠶᠠᠨ ᠨᠠᠶ᠋ᠢᠳᠠᠪᠤᠷᠢᠵᠢᠭᠤᠯᠵᠤ᠂ ᠨᠥᠬᠥᠴᠡᠯ᠎ᠳᠤ ᠨᠡᠢ᠌ᠴᠡᠭᠰᠡᠨ ᠪᠣᠳᠠᠲᠠᠢ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠲᠤ ᠬᠦᠨᠳᠦ ᠵᠡᠮᠳᠡᠭᠴᠦᠳ᠎ᠤᠨ ᠨᠥᠬᠥᠪᠥᠷᠢ ᠵᠢᠴᠢ ᠡᠷᠡᠭᠦᠯᠵᠢᠭᠦᠯᠬᠦ ᠳᠤᠰᠠᠯᠠᠮᠵᠢ ᠵᠡᠷᠭᠡ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠬᠠᠮᠲᠤ᠎ᠳᠤᠨᠢ ᠬᠦᠷᠲᠡᠭᠡᠨ᠎ᠡ᠃ ᠭᠤᠷᠪᠠ᠎ᠳᠤ ᠰᠤᠷᠭ᠋ᠠᠨ ᠬᠥᠮᠦᠵᠢᠯ᠎ᠤᠨ ᠲᠤᠰᠠᠯᠠᠮᠵᠢ ᠵᠢ ᠲᠡᠭᠦᠯᠳᠡᠷᠵᠢᠭᠦᠯᠦᠨ᠎ᠡ᠃ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠢ ᠥᠨᠥᠴᠢᠨ ᠬᠡᠤᠬᠡᠳ᠎ᠲᠠᠢ ᠠᠳᠠᠯᠢ᠎ᠪᠠᠷ   ᠪᠣᠯᠭ᠋ᠠᠨ ᠰᠤᠷᠭ᠋ᠠᠨ ᠬᠥᠮᠦᠵᠢᠯ᠎ᠤᠨ ᠳᠤᠰᠠᠯᠠᠮᠵᠢ ᠵᠢᠨ ᠬᠡᠪᠴᠢᠶᠡᠨ᠎ᠳᠤ ᠣᠷᠣᠭᠤᠯᠵᠤ᠂ ᠰᠤᠷᠤᠯᠭ᠎ᠠ ᠵᠢᠨ ᠲᠡᠳᠬᠦᠮᠵᠢ ᠵᠢᠨ ᠮᠥᠩᠭᠥ᠂ ᠰᠤᠷᠤᠯᠭ᠎ᠠ ᠵᠢᠨ ᠰᠦᠢ᠍ᠳᠬᠡᠯ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤ ᠦᠶ᠎ᠡ ᠵᠢᠨ ᠠᠷᠭ᠎ᠠ᠎ᠪᠠᠷ ᠪᠠᠶ᠋ᠢᠷᠢ᠎ᠳᠤ ᠰᠠᠭᠤᠬᠤ ᠰᠦᠢ᠍ᠳᠬᠡᠯ᠎ᠢ ᠬᠡᠯᠲᠤᠷᠡᠭᠦᠯᠤᠨ᠎ᠡ᠃ ᠲᠦᠷᠪᠡ᠎ᠳᠤ᠂ ᠬᠠᠷᠠᠭ᠋ᠠᠯᠵᠠᠨ ᠬᠠᠮᠠᠭ᠋ᠠᠯᠠᠬᠤ ᠬᠠᠷᠢᠭᠤᠴᠠᠯᠭ᠎ᠠ ᠵᠢ ᠰᠢᠪᠠᠳᠠᠨ ᠨᠠᠶ᠋ᠢᠳᠠᠪᠤᠷᠢᠵᠢᠭᠤᠯᠤᠨ᠎ᠠ᠃ ᠬᠠᠷᠠᠭ᠋ᠠᠯᠵᠠᠵᠤ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠵᠣᠷᠢᠭᠤᠳᠠ ᠪᠤᠶᠤ ᠮᠠᠭᠤ ᠰᠠᠨᠠᠭ᠎ᠠ᠎ᠲᠠᠢ᠎ᠪᠠᠷ ᠭᠦᠢ᠍ᠴᠡᠳᠬᠡᠬᠦ ᠦᠭᠡᠢ ᠵᠡᠷᠭᠡ ᠬᠡᠤᠬᠡᠳ᠎ᠤᠨ ᠡᠷᠬᠡ ᠠᠰᠢᠭ᠎ᠲᠤ ᠬᠠᠯᠳᠠᠭᠰᠠᠨ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠬᠦᠨ᠎ᠡ᠃   ᠠᠰᠠᠷᠠᠨ ᠬᠠᠷᠠᠭ᠋ᠠᠯᠵᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠨᠦᠬᠦᠴᠡᠯ ᠴᠢᠳᠠᠪᠤᠷᠢ᠎ᠲᠠᠢ ᠪᠠᠶ᠋ᠢᠭ᠋ᠠᠳ ᠠᠰᠠᠷᠠᠨ ᠬᠠᠷᠠᠭ᠋ᠠᠯᠵᠠᠬᠤ ᠦᠭᠡᠢ ᠡᠴᠢᠭᠡ ᠡᠬᠡ᠎ᠠᠴᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠠᠰᠠᠷᠠᠨ ᠬᠠᠷᠠᠭ᠋ᠠᠯᠵᠠᠬᠤ   ᠵᠠᠷᠤᠳᠠᠯ᠎ᠢ ᠬᠠᠤᠯᠢ ᠶᠣᠰᠣᠭ᠋ᠠᠷ ᠨᠡᠬᠡᠮᠵᠢᠯᠡᠨ ᠠᠪᠬᠤ ᠬᠡᠷᠡᠭᠲᠡᠶ᠃

 

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠦᠩᠯᠢᠶᠣᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠢ᠌ᠭᠡᠮ᠎ᠤᠨ ᠳᠤᠰᠠᠯᠠᠮᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠎ᠳᠤ ᠦᠷᠬᠦᠯᠵᠢᠯᠡᠨ ᠬᠦᠴᠦ᠎ᠪᠠᠨ ᠲᠦᠪᠯᠡᠷᠡᠬᠦᠯᠵᠤ ᠪᠠᠢ᠌ᠨ᠎ᠠ
ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠨᠡᠶ᠋ᠢᠭᠡᠮ ᠲᠣᠭᠣᠷᠢᠭ᠎ᠢ ᠪᠠᠷᠢᠮᠵᠢᠶᠠᠵᠢᠭᠤᠯᠤᠨ ᠪᠠᠢ᠌ᠭᠤᠯᠬᠤ ᠠᠵᠢᠯ᠎ᠤᠨ ᠵᠢᠷᠤᠮᠵᠢᠠᠠᠰᠠᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ᠎ᠲᠤ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠵᠢ ᠲᠠᠷᠬᠠᠭ᠋ᠠᠪᠠ
ᠬᠥᠯᠥᠨ ᠪᠤᠢ᠍ᠢ᠍ᠷ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠥᠳᠡᠯᠮᠦᠷᠢᠴᠢᠳ᠎ᠤᠨ ᠪᠠᠶᠠᠷ᠎ᠤᠨ ᠬᠤᠭᠤᠴᠠᠭ᠋ᠠᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠪᠡ
ᠪᠤᠭᠤᠲᠤ ᠬᠣᠲᠠ ᠵᠢᠨ ᠠᠩᠬᠠᠳᠠᠭᠴᠢ ᠪᠠᠶ᠋ᠢᠭᠤᠯᠤᠮᠵᠢ ᠵᠢᠨ ᠨᠠᠰᠤᠵᠢᠯ᠎ᠤᠨ ᠤᠢ᠌ᠯᠡᠴᠢᠯᠡᠭᠡᠨ᠎ᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠨᠡᠶ᠋ᠢᠲᠡᠯᠡᠪᠡ
 
            