ᠤᠢ᠌ᠷ᠎ᠠ᠎ᠳᠤ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠦᠬᠦ ᠬᠣᠲᠠ ᠵᠢᠨ ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠲᠠᠷᠢᠶᠠᠯᠠᠬᠤ ᠮᠠᠯᠵᠢᠬᠤ ᠨᠡᠶ᠋ᠢᠭᠡᠮ ᠲᠣᠭᠣᠷᠢᠭ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠳᠤ ᠬᠠᠨᠳᠤᠭᠤᠯᠤᠨ 《ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠲᠠᠷᠢᠶᠠᠯᠠᠬᠤ ᠮᠠᠯᠵᠢᠬᠤ ᠣᠷᠣᠨ᠎ᠤ ᠨᠡᠶ᠋ᠢᠭᠡᠮ ᠲᠣᠭᠣᠷᠢᠭ᠎ᠢ ᠪᠠᠷᠢᠮᠵᠢᠶᠠᠵᠢᠭᠤᠯᠤᠨ ᠪᠠᠢ᠌ᠭᠤᠯᠬᠤ ᠠᠵᠢᠯ᠎ᠤᠨ ᠵᠢᠷᠤᠮᠵᠢᠠᠠᠰᠠᠨ ᠬᠡᠷᠡᠭᠵᠢᠭᠦᠯᠬᠦ ᠲᠥᠰᠦᠯ》 ᠢ ᠲᠣᠭᠲᠠᠭ᠋ᠠᠪᠠ᠃
《ᠬᠡᠷᠡᠭᠵᠢᠭᠦᠯᠬᠦ ᠲᠥᠰᠦᠯ》᠎ᠳᠤ ᠣᠨᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠮᠠᠯᠵᠢᠬᠤ ᠲᠠᠷᠢᠶᠠᠯᠠᠬᠤ ᠣᠷᠣᠨ᠎ᠤ ᠨᠡᠶ᠋ᠢᠭᠡᠮ ᠲᠣᠭᠣᠷᠢᠭ᠎ᠤᠨ ᠪᠥᠲᠥᠭᠡᠨ ᠪᠠᠶ᠋ᠢᠭᠤᠯᠤᠯᠲᠠ ᠵᠢᠨ ᠬᠦᠷᠢᠶ᠎ᠡ ᠬᠡᠪᠴᠢᠶ᠎ᠡ᠂ ᠡᠭᠦᠷᠭᠡ ᠵᠢᠴᠢ ᠪᠠᠷᠢᠮᠵᠢᠶ᠎ᠠ ᠵᠢᠨ ᠲᠤᠬᠠᠶ ᠲᠣᠳᠣᠷᠬᠠᠶ ᠲᠣᠭᠲᠠᠭ᠋ᠠᠯ ᠭᠠᠷᠭ᠋ᠠᠪᠠ᠃ 8 ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ 32 ᠣᠨᠴᠠ ᠶᠠᠳᠠᠭᠤ ᠬᠦᠴᠢᠷᠳᠡᠯᠲᠡᠶ ᠭᠠᠴᠠᠭ᠎ᠠ ᠲᠣᠰᠬᠣᠨ᠎ᠢ ᠰᠣᠩᠭᠣᠨ ᠮᠠᠯᠵᠢᠬᠤ ᠲᠠᠷᠢᠶᠠᠯᠠᠬᠤ ᠨᠡᠶ᠋ᠢᠭᠡᠮ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠳᠡ ᠵᠢᠨ ᠴᠡᠭ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠹᠦ᠋ ᠽᠠᠢ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠢ ᠵᠦᠶ ᠵᠣᠬᠢᠰᠲᠠᠶ ᠠᠰᠢᠭᠯᠠᠨ ᠠᠰᠠᠷᠠᠮᠵᠢ ᠵᠢᠨ ᠴᠢᠨᠠᠷᠲᠠᠶ᠂ ᠤᠢ᠌ᠯᠡᠴᠢᠯᠠᠭᠡᠨᠤ ᠲᠥᠷᠥᠯ ᠵᠤᠢ᠌ᠯ ᠪᠠ ᠠᠷᠠᠳ᠎ᠲᠤ ᠳᠥᠭᠥᠮ ᠦᠵᠡᠭᠦᠯᠬᠦ ᠤᠢ᠌ᠯᠡᠴᠢᠯᠡᠭᠡᠨ᠎ᠤ ᠲᠥᠪ᠂ ᠠᠵᠢᠯᠯᠠᠭ᠋ᠠᠨ᠎ᠤ ᠲᠥᠪ ᠵᠡᠷᠭᠡ ᠶᠡᠷᠦᠩᠬᠡᠶ᠋ᠢᠯᠡᠭᠰᠡᠨ ᠤᠢ᠌ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠲᠤᠰᠠᠯᠠᠵᠤ᠂ ᠮᠠᠯᠵᠢᠬᠤ ᠲᠠᠷᠢᠶᠠᠯᠠᠬᠤ ᠨᠡᠶ᠋ᠢᠭᠡᠮ ᠲᠣᠭᠣᠷᠢᠭ᠎ᠤᠨ ᠣᠯᠠᠨ ᠨᠡᠶ᠋ᠢᠲᠡ ᠵᠢᠨ ᠤᠢ᠌ᠯᠡᠴᠢᠯᠡᠭᠡᠨ᠎ᠤ ᠬᠠᠩᠭ᠋ᠠᠯᠭ᠎ᠠ ᠵᠢᠨ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠠᠢ᠌ᠨ᠎ᠠ᠃