ᠣᠶ᠋ᠢᠷ᠎ᠠ᠎ᠳᠤ ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠶᠠᠳᠠᠭᠤ ᠵᠢ ᠲᠡᠳᠬᠦᠬᠦ ᠠᠯᠪᠠᠨ ᠬᠡᠷ ᠬᠠᠮᠲᠤᠷᠠᠨ 《ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠵᠤ ᠶᠠᠳᠠᠭᠤ᠎ᠠᠴᠠ ᠠᠩᠬᠢᠵᠢᠷᠠᠭᠤᠯᠬᠤ ᠠᠵᠢᠯᠯᠠᠭ᠋ᠠᠨ᠎ᠤ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠦᠨᠳᠦᠰᠦᠨ ᠵᠦᠢ᠍ᠯ᠎ᠢ ᠪᠠᠲᠤᠯᠠᠬᠤ᠎ᠳᠤ 《ᠨᠢᠭᠡ ᠡᠷᠦᠬᠡ ᠵᠢ ᠴᠦ᠍ ᠣᠷᠬᠢᠭᠳᠠᠭᠤᠯᠬᠤ ᠥᠬᠡᠶ᠂ ᠨᠢᠭᠡ ᠬᠥᠮᠦᠨ᠎ᠢ ᠴᠦ᠍ ᠭᠣᠭᠣᠵᠢᠭᠣᠯᠬᠤ ᠥᠬᠡᠶ》 ᠪᠠᠶ᠋ᠢᠬᠤ ᠵᠢ ᠦᠨᠡᠨ ᠬᠦ᠌ ᠪᠡᠶᠡᠯᠡᠭᠦᠯᠵᠦ᠂ ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠬᠤ ᠪᠣᠭᠣᠮᠲᠠ ᠰᠢᠪᠲᠤᠯᠤᠯᠲᠠ ᠵᠢᠨ ᠢᠯᠠᠯᠲᠠ ᠵᠢ ᠡᠷᠡᠰ ᠲᠡᠮᠡᠴᠡᠨ ᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠪᠠ᠃
ᠡᠨᠡ ᠤᠳᠠᠭ᠋ᠠᠨ᠎ᠤ ᠨᠡᠶ᠋ᠢᠭᠡᠮ᠎ᠤᠨ ᠳᠤᠰᠠᠯᠠᠮᠵᠢ ᠵᠢᠨ ᠦᠨᠳᠦᠰᠦᠨ ᠵᠦᠢ᠍ᠯ᠎ᠢ ᠪᠠᠲᠤᠯᠠᠵᠤ ᠶᠠᠳᠠᠭᠤ᠎ᠠᠴᠠ ᠠᠩᠬᠢᠵᠢᠷᠠᠭᠤᠯᠬᠤ ᠠᠵᠢᠯᠯᠠᠭ᠎ᠠ ᠵᠢ ᠭᠣᠣᠯᠳᠠᠭᠤ 9 ᠲᠠᠯ᠎ᠠ᠎ᠳᠤ ᠴᠢᠭᠯᠡᠭᠦᠯᠤᠨ ᠬᠢᠵᠠᠢ᠃ ᠠᠢ᠌ᠯ ᠡᠷᠦᠬᠡ ᠳᠠᠷᠠᠭ᠋ᠠᠯᠠᠨ ᠨᠢᠭᠡ ᠬᠥᠮᠦᠨ᠎ᠢ ᠴᠤ᠌ ᠭᠣᠭᠣᠵᠢᠭᠤᠯᠤᠯ ᠦᠭᠡᠢ᠎ᠪᠠᠷ ᠨᠢᠭᠡᠨᠲᠡ ᠶᠠᠳᠠᠭᠤ᠎ᠠᠴᠠ ᠠᠩᠬᠢᠵᠢᠷᠠᠭᠰᠠᠨ ᠪᠣᠯᠪᠠᠴᠤ ᠳᠠᠬᠢᠨ ᠶᠠᠳᠠᠭᠤᠷᠠᠬᠤ ᠳᠦᠭᠰᠢᠭᠦᠷᠢ᠎ᠲᠠᠢ ᠬᠦᠮᠤᠨ ᠠᠮᠠ᠂ ᠬᠠᠪᠢ ᠵᠠᠬ᠎ᠠ ᠵᠢᠨ ᠡᠷᠦᠬᠡ ᠵᠢᠨ ᠳᠣᠲᠣᠷᠠᠬᠢ ᠳᠠᠭᠢᠨ ᠶᠠᠳᠠᠭᠤᠷᠠᠬᠤ ᠲᠦᠭᠰᠢᠭᠦᠷᠢ᠎ᠲᠠᠢ ᠬᠥᠮᠦᠨ ᠠᠮᠠ᠂ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ᠂ ᠭᠡᠷ ᠪᠦᠯᠢ ᠵᠢᠨ ᠣᠷᠣᠯᠭ᠎ᠠ᠎ᠨᠢ ᠭᠡᠨᠡᠳᠲᠡ ᠬᠠᠰᠤᠭᠳᠠᠭᠰᠠᠨ ᠪᠤᠶᠤ ᠵᠠᠷᠤᠯᠭ᠎ᠠ᠎ᠨᠢ ᠭᠡᠨᠡᠳᠲᠡ ᠨᠡᠮᠡᠭᠳᠡᠭᠡᠳ ᠳᠤᠰᠠᠯᠠᠮᠵᠢ ᠵᠢᠨ ᠨᠥᠬᠥᠴᠡᠯ᠎ᠳᠤ ᠨᠡᠢ᠌ᠴᠡᠭᠰᠡᠨ ᠡᠷᠦᠬᠡ᠎ᠨᠦᠭᠦᠳ᠎ᠤᠨ ᠦᠨᠳᠦᠰᠦᠨ ᠠᠮᠢᠳᠤᠷᠠᠯ᠎ᠤᠨ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠵᠤ᠂ ᠣᠷᠣᠯᠭ᠎ᠠ᠎ᠨᠢ ᠲᠣᠭᠲᠠᠭᠤᠨ ᠪᠤᠰᠤ᠂ ᠣᠷᠣᠯᠭ᠎ᠠ᠎ᠨᠢ ᠦᠷᠭᠦᠯᠵᠢᠯᠡᠨ ᠨᠡᠮᠡᠭᠳᠡᠬᠦ ᠴᠢᠳᠠᠪᠤᠷᠢ᠎ᠪᠠᠷ ᠠᠨᠠᠢ᠂ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠪᠣᠯᠪᠠᠴᠤ ᠳᠠᠬᠢᠨ ᠶᠠᠳᠠᠭᠤᠷᠠᠬᠤ ᠲᠦᠭᠰᠢᠭᠦᠷᠢ᠎ᠲᠠᠢ ᠬᠥᠮᠦᠨ ᠠᠮᠠ ᠵᠢᠴᠢ ᠳᠠᠩᠰᠠᠯᠠᠵᠤ ᠺᠠᠷᠲᠯᠠᠬᠤ᠎ᠳᠤ ᠬᠠᠪᠢ ᠵᠠᠬ᠎ᠠ᠎ᠳᠤᠨᠢ ᠪᠠᠢ᠌ᠭᠰᠠᠨ ᠬᠥᠮᠦᠨ ᠠᠮᠠ ᠵᠢᠨ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠲᠤᠰᠠᠯᠠᠵᠤ ᠳᠡᠳᠬᠦᠬᠦ ᠲᠦᠷᠤ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭ᠎ᠠ ᠦᠭᠡᠢ ᠬᠥᠮᠦᠰ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠪᠦᠬᠦ ᠲᠠᠯ᠎ᠠ᠎ᠪᠠᠷ ᠡᠵᠡᠮᠰᠢᠵᠤ ᠳᠠᠬᠢᠨ ᠶᠠᠳᠠᠭᠤᠷᠠᠬᠤ ᠲᠦᠭᠰᠢᠭᠦᠷᠢ ᠵᠢ᠎ᠨᠢ ᠵᠠᠳᠠᠯᠬᠤ ᠪᠣᠯᠤᠨ᠎ᠠ᠃
ᠲᠦᠷᠤ ᠵᠢᠨ ᠪᠣᠳᠣᠯᠭ᠎ᠠ ᠵᠢᠨ ᠳᠣᠭᠲᠠᠭ᠋ᠠᠯ᠎ᠢ ᠦᠨᠳᠤᠰᠤᠯᠡᠨ᠂ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠲᠤᠰᠠᠯᠠᠵᠤ ᠳᠡᠳᠬᠦᠬᠦ ᠪᠠ ᠲᠦᠷ ᠴᠠᠭ᠎ᠤᠨ ᠳᠤᠰᠠᠯᠠᠮᠵᠢ ᠵᠡᠷᠭᠡ ᠨᠡᠶ᠋ᠢᠭᠡᠮ᠎ᠤᠨ ᠳᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠴᠢ ᠠᠷᠠᠳ᠎ᠤᠨ ᠶᠠᠪᠤᠳᠠᠯ᠎ᠤᠨ ᠬᠠᠪᠰᠤᠷᠤᠨ ᠲᠡᠳᠬᠦᠬᠦ ᠪᠤᠰᠤᠳ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠬᠥᠮᠦᠰ᠎ᠢ ᠴᠠᠭ ᠲᠤᠬᠠᠶ᠎ᠳᠤᠨᠢ ᠲᠤᠰᠠᠯᠠᠵᠤ ᠲᠡᠳᠬᠦᠬᠦ ᠲᠦᠷᠤ ᠵᠢᠨ ᠪᠣᠳᠣᠯᠭ᠎ᠠ ᠵᠢᠨ ᠬᠡᠪᠴᠢᠶᠡᠨ᠎ᠳᠤ ᠣᠷᠣᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠵᠢ ᠲᠣᠭᠲᠠᠭᠰᠠᠨ ᠬᠤᠭᠤᠴᠠᠭ᠋ᠠᠨ ᠳᠤᠨᠢ ᠶᠠᠳᠠᠭᠤ᠎ᠠᠴᠠ ᠠᠩᠭᠢᠵᠢᠷᠠᠭᠤᠯᠬᠤ ᠵᠢ ᠦᠨᠡᠨ ᠬᠦ᠌ ᠪᠠᠲᠤᠯᠠᠨ᠎ᠠ ᠭᠡᠰᠡᠨ ᠪᠠᠢ᠌ᠨ᠎ᠠ᠃