ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠨᠳᠦᠰᠦᠨ ᠵᠦᠢ᠍ᠯ᠎ᠢ ᠪᠠᠲᠤᠯᠠᠬᠤ ᠵᠢ ᠱᠠᠯᠠᠪᠳᠠᠭᠤᠯᠤᠨ ᠬᠡᠷᠡᠭᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2020-05-22

 

    ᠠᠯᠠᠱ᠌ᠠ ᠠᠶ᠋ᠢᠮᠠᠭ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠳᠣᠪᠴᠢᠶ᠎ᠠ 《ᠪᠥᠬᠥ ᠠᠶ᠋ᠢᠮᠠᠭ᠎ᠤᠨ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠶᠠᠳᠠᠭᠤ ᠬᠦᠴᠢᠷᠳᠡᠯᠲᠡᠶ ᠬᠦᠮᠤᠰ᠎ᠤᠨ ᠦᠨᠳᠦᠰᠦᠨ ᠠᠮᠢᠳᠤᠷᠠᠯ᠎ᠤᠨ ᠦᠨᠳᠦᠰᠦᠨ ᠵᠦᠢ᠍ᠯ  ᠎ᠤᠨ ᠪᠠᠲᠤᠯᠠᠭ᠋ᠠᠨ᠎ᠢ ᠱᠠᠯᠠᠪᠳᠠᠭᠤᠯᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠨᠥᠬᠥᠴᠡᠯ᠎ᠳᠤ ᠨᠡᠶ᠋ᠢᠴᠡᠬᠦ ᠬᠥᠳᠡᠯᠮᠦᠷᠢᠯᠡᠬᠦ ᠴᠢᠳᠠᠪᠤᠷᠢ ᠥᠬᠡᠶ ᠶᠠᠳᠠᠭᠤ ᠬᠦᠴᠢᠷᠳᠡᠯᠲᠡᠶ ᠬᠦᠮᠤᠰ᠎ᠢ   ᠴᠠᠭ ᠳᠤᠬᠠᠢ᠎ᠳᠤᠨᠢ ᠳᠤᠰᠠᠯᠠᠮᠵᠢ ᠵᠢᠨ ᠬᠡᠪᠴᠢᠶᠡᠨ᠎ᠳᠤ ᠣᠷᠣᠭᠤᠯᠵᠤ᠂ ᠶᠠᠳᠠᠭᠤ ᠬᠦᠴᠢᠷᠳᠡᠯᠲᠡᠶ ᠬᠦᠮᠤᠰ᠎ᠢ   ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ᠎ᠳᠤ ᠬᠦᠴᠦᠨ ᠨᠡᠮᠡᠷᠢᠯᠡᠪᠡ᠃
    ᠡᠯ᠎ᠡ ᠬᠣᠰᠢᠭᠤ (ᠲᠣᠭᠣᠷᠢᠭ) ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠬᠠᠷᠠᠯᠲᠠ᠎ᠪᠠᠨ ᠳᠣᠭᠲᠠᠭ᠋ᠠᠨ᠂   ᠵᠢᠷᠭᠤᠭ᠋ᠠᠨ ᠵᠦᠢ᠍ᠯ᠎ᠤᠨ ᠠᠭᠤᠯᠭ᠎ᠠ᠎ᠪᠠᠷ ᠪᠠᠶ᠋ᠢᠳᠠᠯ᠎ᠢ ᠵᠢᠭᠰᠠᠭ᠋ᠠᠨ ᠪᠠᠶ᠋ᠢᠴᠠᠭ᠋ᠠᠵᠠᠢ᠃ ᠶᠡᠷᠤ ᠵᠢᠨ ᠶᠠᠳᠠᠭᠤ᠎ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠶ ᠬᠦᠮᠤᠰ᠂ ᠬᠠᠪᠢ ᠵᠠᠬ᠎ᠠ ᠵᠢᠨ ᠶᠠᠳᠠᠭᠤᠷᠠᠬᠤ ᠲᠦᠭᠰᠢᠭᠦᠷᠢ᠎ᠲᠠᠢ ᠬᠥᠮᠦᠰ᠎ᠤᠨ ᠨᠡᠶ᠋ᠢᠭᠡᠮ᠎ᠤᠨ ᠳᠤᠰᠠᠯᠠᠮᠵᠢ ᠵᠢᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠤᠷᠢᠯᠡᠭᠰᠡᠨ ᠪᠠᠶ᠋ᠢᠳᠠᠯ᠂ ᠬᠡᠷ ᠪᠦᠯᠢ ᠵᠢᠨ ᠬᠥᠳᠡᠯᠮᠦᠷᠢ ᠬᠦᠴᠦᠨ᠎ᠤ ᠪᠠᠶ᠋ᠢᠳᠠᠯ᠂ ᠠᠵᠤ ᠠᠬᠤᠶ ᠵᠢᠨ ᠣᠷᠣᠯᠭ᠎ᠠ ᠵᠢᠨ ᠪᠠᠶ᠋ᠢᠳᠠᠯ᠂ ᠬᠠᠲᠠᠭᠤ ᠵᠠᠷᠤᠯᠭ᠎ᠠ ᠵᠢᠨ ᠪᠠᠶ᠋ᠢᠳᠠᠯ᠂ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠪᠠᠶ᠋ᠢᠳᠠᠯ᠎ᠢ ᠭᠣᠤᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠪᠠ᠃ ᠵᠢᠭᠰᠠᠭ᠋ᠠᠨ ᠪᠠᠢ᠌ᠴᠠᠭ᠋ᠠᠭᠰᠠᠨ ᠵᠶ᠋ᠠᠷ᠂ ᠶᠠᠳᠠᠭᠤᠷᠠᠬᠤ ᠠᠶᠤᠯ᠎ᠲᠠᠢ ᠬᠥᠮᠦᠨ ᠠᠮᠠ ᠨᠡᠶ᠋ᠢᠲᠡ 465 ᠡᠷᠦᠬᠡ 1212 ᠬᠥᠮᠦᠨ ᠪᠠᠶ᠋ᠢᠵᠤ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶᠡᠨ᠎ᠳᠤ 24 ᠡᠷᠤᠬᠡ ᠵᠢᠨ 37 ᠬᠦᠮᠤᠨ᠎ᠢ ᠰᠢᠨ᠎ᠡ᠎ᠪᠠᠷ ᠣᠷᠣᠭᠤᠯᠵᠤ  ᠂ ᠣᠨᠴᠠ ᠬᠦᠴᠢᠷᠳᠡᠯᠲᠡᠶ ᠬᠥᠮᠦᠰ᠎ᠢ ᠳᠡᠳᠬᠦᠨ   ᠲᠤᠰᠠᠯᠠᠵᠤ ᠠᠰᠠᠷᠠᠨ ᠬᠠᠷᠠᠭ᠋ᠠᠯᠵᠠᠬᠤ ᠬᠡᠪᠴᠢᠶᠡᠨ᠎ᠳᠤ ᠰᠢᠨ᠎ᠡ᠎ᠪᠠᠷ ᠣᠷᠣᠭᠤᠯᠤᠭᠰᠠᠨ᠎ᠨᠢ 1 ᠡᠷᠦᠬᠡ 1 ᠬᠥᠮᠦᠨ ᠪᠠᠢ᠌ᠪᠠ᠃ ᠪᠠᠰᠠ 23 ᠡᠷᠦᠬᠡ ᠵᠢᠨ 64 ᠬᠥᠮᠦᠨ᠎ᠢ ᠮᠠᠯᠵᠢᠬᠤ ᠲᠠᠷᠢᠶᠠᠯᠠᠬᠤ ᠣᠷᠣᠨ᠎ᠤ   ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠲᠤᠰᠠᠯᠠᠨ ᠬᠠᠷᠠᠭ᠋ᠠᠯᠵᠠᠬᠤ᠂ ᠲᠦᠷ ᠴᠠᠭ᠎ᠤᠨ ᠳᠤᠰᠠᠯᠠᠮᠵᠢ ᠵᠡᠷᠭᠡ ᠨᠡᠶ᠋ᠢᠭᠡᠮ᠎ᠤᠨ ᠳᠤᠰᠠᠯᠠᠮᠵᠢ ᠵᠢᠨ   ᠬᠡᠪᠴᠢᠶᠡᠨ᠎ᠳᠤ ᠣᠷᠣᠭᠤᠯᠬᠤ᠎ᠪᠠᠷ ᠲᠥᠯᠥᠪᠯᠡᠵᠦ᠂ ᠰᠤᠮᠤ ᠪᠠᠯᠭ᠋ᠠᠰᠤ᠎ᠠᠴᠠ ᠬᠢᠨᠠᠨ ᠬᠠᠷᠭᠤᠭᠤᠯᠬᠤ ᠠᠵᠢᠯ᠎ᠢ ᠶᠠᠭ ᠱᠠᠯᠠᠪᠳᠠᠨ   ᠬᠢᠵᠤ ᠪᠠᠢ᠌ᠪᠠ  ᠃
    ᠣᠳᠣᠬᠠᠨ᠎ᠳᠤ   ᠪᠥᠬᠥ ᠠᠶ᠋ᠢᠮᠠᠭ᠎ᠤᠨ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠡᠪᠴᠢᠶᠡᠨ᠎ᠳᠤ ᠬᠡᠪ᠎ᠤᠨ ᠶᠠᠳᠠᠭᠤ᠎ᠠᠴᠠ ᠠᠩᠭᠢᠵᠢᠷᠠᠭᠤᠯᠬᠤ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ ᠬᠥᠮᠦᠨ ᠠᠮᠠ 212 ᠡᠷᠦᠬᠡ ᠵᠢᠨ 360 ᠬᠥᠮᠦᠨ᠂ ᠵᠠᠬ᠎ᠠ ᠬᠠᠪᠢ ᠵᠢᠨ ᠳᠠᠬᠢᠨ ᠶᠠᠳᠠᠭᠤᠷᠠᠬᠤ ᠠᠶᠤᠯ᠎ᠲᠠᠢ  1 ᠡᠷᠦᠬᠡ ᠵᠢᠨ 2 ᠬᠥᠮᠦᠨ᠎ᠳᠤ ᠨᠡᠶ᠋ᠢᠲᠡ 51.49 ᠲᠦᠮᠡᠨ ᠲᠥᠭᠥᠷᠢᠭ᠎ᠤᠨ ᠪᠠᠯᠠ ᠮᠥᠩᠭᠥ ᠣᠯᠭᠤᠭᠰᠠᠨ ᠪᠠᠢ᠌ᠨ᠎ᠠ  ; ᠣᠨᠴᠠ ᠬᠦᠴᠢᠷᠳᠡᠯᠲᠡᠶ ᠬᠥᠮᠦᠰ᠎ᠢ ᠳᠡᠳᠬᠦᠨ   ᠲᠤᠰᠠᠯᠠᠵᠤ ᠠᠰᠠᠷᠠᠨ ᠬᠠᠷᠠᠭ᠋ᠠᠯᠵᠠᠬᠤ   ᠬᠡᠪᠴᠢᠶᠡᠨ ᠳᠣᠲᠣᠷᠠᠬᠢ ᠶᠠᠳᠠᠭᠤ᠎ᠠᠴᠠ ᠠᠩᠭᠢᠵᠢᠷᠠᠭᠤᠯᠬᠤ ᠲᠠᠩᠰᠠ ᠺᠠᠷᠲ᠎ᠲᠠᠢ ᠶᠠᠳᠠᠭᠤ ᠬᠦᠴᠢᠷᠳᠡᠯᠲᠡᠶ 4 ᠡᠷᠦᠬᠡ ᠵᠢᠨ 4 ᠬᠥᠮᠦᠨ᠎ᠳᠤ  1.134 ᠲᠦᠮᠡᠨ ᠲᠥᠭᠥᠷᠢᠭ᠎ᠤᠨ ᠪᠠᠯᠠ ᠮᠥᠩᠭᠥ   ᠦᠭᠴᠠᠢ  ᠃

※   ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠶ᠋ᠢᠮᠠᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠡᠮᠬᠢ ᠵᠢᠷᠤᠮ᠎ᠲᠠᠢ᠎ᠪᠠᠷ ᠠᠵᠢᠯ ᠵᠶ᠋ᠠᠨ ᠰᠡᠷᠭᠦᠭᠡᠵᠤ ᠪᠣᠢ
ᠬᠥᠬᠡᠬᠣᠲᠠ ᠵᠢᠨ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠲᠥᠪ ᠪᠥᠬᠥ ᠬᠣᠲᠠ ᠵᠢᠨ ᠦᠢ᠍ᠯᠡᠴᠢᠯᠡᠭᠡᠨ ᠎ᠤ ᠲᠥᠷᠥᠯ ᠵᠦᠢ᠍ᠯ᠎ᠤᠨ ᠬᠤᠭᠤᠴᠠᠭ᠎ᠠ ᠡᠴᠦᠰ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠵᠦ ᠠᠪᠬᠤ ᠠᠵᠢᠯ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤ᠄ ᠲᠦᠷ ᠴᠠᠭ᠎ᠤᠨ ᠳᠤᠰᠠᠯᠠᠮᠵᠢ ᠵᠢᠨ ᠲᠦᠷᠢᠮ᠎ᠢ ᠪᠦᠲᠦᠮᠵᠢᠲᠡᠶ ᠨᠠᠢ᠌ᠲᠠᠪᠤᠷᠢᠵᠢᠭᠤᠯᠵᠠᠢ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《5 · 1》᠎ᠤ ᠪᠠᠶᠠᠷ᠎ᠤᠨ ᠡᠳᠦᠷ᠎ᠠᠴᠠ ᠡᠮᠦᠨᠡᠬᠢ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠬᠢᠪᠡ
ᠪᠤᠭᠤᠲᠤ ᠬᠣᠲᠠ ᠪᠣᠳᠠᠲᠠᠶ ᠬᠠᠷᠠᠭ᠋ᠠᠯᠵᠠᠨ ᠬᠠᠮᠠᠭ᠋ᠠᠯᠠᠬᠤ ᠬᠥᠮᠦᠨ ᠥᠬᠡᠶ ᠬᠡᠤᠬᠡᠳ᠎ᠤᠨ ᠠᠮᠢᠳᠤᠷᠠᠯ᠎ᠢ ᠪᠠᠲᠤᠯᠠᠬᠤ ᠠᠵᠢᠯ᠎ᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ᠎ᠢ ᠨᠡᠶ᠋ᠢᠲᠡᠯᠡᠪᠡ
 
            