ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠮᠡᠳᠡᠭᠡ ᠵᠠᠩᠭᠢ
ᠦᠬᠠᠶ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ᠎ᠲᠤ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠵᠢ ᠲᠠᠷᠬᠠᠭ᠋ᠠᠪᠠ
ᠨᠡᠶᠢᠲᠡᠯᠡᠭᠰᠡᠨ ᠴᠠᠭ᠄ 2020-06-02


    ᠦᠬᠠᠶ ᠬᠣᠲᠠ ᠵᠢᠨ ᠠᠷᠠᠤᠨ᠎ᠤᠨ ᠶᠠᠪᠤᠳᠠᠯ᠎ᠤᠨ ᠲᠣᠪᠴᠢᠶ᠎ᠠ᠎ᠨᠢ ᠬᠣᠲᠠ ᠵᠢᠨ ᠰᠢᠨ᠎ᠡ   ᠲᠢᠳᠡᠮᠯᠢᠭ ᠠᠭᠤᠰᠬᠢᠨ ᠦᠷᠪᠢᠰᠦᠯ᠎ᠢ ᠰᠡᠷᠭᠡᠶ᠋ᠢᠯᠡᠨ ᠡᠵᠡᠮᠳᠡᠬᠦ ᠵᠢᠯᠣᠭᠣᠳᠬᠤ ᠭᠠᠵᠠᠷ᠎ᠤᠨ 《ᠦᠬᠠᠶ ᠬᠣᠲᠠ ᠵᠢᠨ ᠬᠢᠵᠢᠭ᠎ᠤᠨ ᠪᠠᠶ᠋ᠢᠳᠠᠯ᠎ᠢ ᠠᠷᠭ᠋ᠠᠴᠠᠭ᠋ᠠᠬᠤ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ ᠠᠵᠢᠯ᠎ᠤᠨ ᠲᠥᠰᠦᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠨᠠᠭ᠋ᠠᠳᠤ ᠵᠠᠬ᠎ᠠ ᠵᠢᠨ ᠪᠠᠲᠤᠯᠠᠭ᠎ᠠ᠎ᠲᠠᠢ ᠬᠥᠮᠦᠰ᠎ᠲᠤ ᠬᠥᠮᠦᠨ ᠪᠦᠷᠢ᠎ᠳᠤ 3 ᠳ᠋ᠤᠭ᠋ᠠᠷ ᠰᠠᠷ᠎ᠠ᠎ᠳᠤ 30 ᠲᠥᠭᠥᠷᠢᠭ᠎ᠤᠨ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠳᠦ ᠤᠯᠭᠤᠬᠤ ᠵᠢᠨ ᠬᠠᠮᠲᠤ 《ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠲᠣᠭᠣᠷᠢᠭ᠎ᠢ ᠰᠢᠮᠳᠠᠭᠤᠯᠵᠤ ᠪᠠᠶ᠋ᠢᠭ᠋ᠠᠳ ᠲᠠᠷᠬᠠᠭ᠋ᠠᠬᠤ ᠠᠵᠢᠯ᠎ᠢ ᠰᠠᠶ᠋ᠢᠲᠤᠷ ᠬᠢᠯᠭᠡᠵᠡᠢ᠃
    ᠲᠠᠷᠬᠠᠭ᠋ᠠᠬᠤ ᠬᠤᠭᠤᠴᠠᠭ᠋ᠠᠨ᠎ᠳᠤ᠂ ᠡᠯ᠎ᠡ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ 3 ᠳ᠋ᠤᠭ᠋ᠠᠷ ᠰᠠᠷ᠎ᠠ᠎ᠳᠤ   ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠳᠤᠯᠠᠭ᠎ᠠ ᠵᠢᠨ ᠬᠥᠮᠦᠰ᠎ᠤᠨ ᠨᠡᠷᠡᠰ ᠵᠢᠡᠷ ᠬᠡᠷᠡᠭᠯᠡᠭᠡᠨ᠎ᠤ ᠲᠡᠮᠳᠡᠭᠲᠦ ᠵᠢ ᠪᠠᠯᠭ᠋ᠠᠰᠤ ᠵᠡᠭᠡᠯᠢ ᠭᠤᠳᠤᠮᠵᠢ᠎ᠳᠤ ᠲᠠᠷᠬᠠᠭ᠋ᠠᠨ ᠥᠭᠬᠦ ᠵᠢᠨ ᠬᠠᠮᠲᠤ ᠬᠠᠮ ᠵᠠᠭᠤᠴᠢᠯᠠᠭᠤᠷ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠪᠣᠯᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠤᠢ᠌ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ ᠵᠡᠷᠭᠡ ᠵᠠᠭᠤᠴᠢᠯᠠᠭᠤᠷ ᠵᠢᠡᠷ ᠳᠠᠮᠵᠢᠭᠤᠯᠤᠨ ᠬᠡᠷᠡᠭᠯᠡᠭᠡᠨ᠎ᠤ ᠲᠡᠮᠳᠡᠭᠲᠦ ᠵᠢᠨ ᠬᠡᠷᠡᠭᠯᠡᠬᠦ ᠭᠡᠪᠴᠢᠶ᠎ᠡ᠂ ᠬᠡᠷᠡᠭᠯᠡᠬᠦ ᠠᠷᠭ᠎ᠠ ᠮᠠᠶᠢᠭ ᠪᠠ ᠬᠡᠷᠡᠭᠯᠡᠬᠦ ᠴᠠᠭ ᠬᠤᠭᠤᠴᠠᠭ᠎ᠠ ᠵᠢ ᠲᠠᠶᠠᠭ᠋ᠠᠷ᠎ᠲᠤ ᠮᠡᠳᠡᠬᠦᠯᠵᠡᠢ᠃
    ᠳᠠᠷᠠᠭ᠎ᠠ ᠠᠯᠬᠤᠮ᠎ᠳᠤ᠂ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠵᠢ ᠰᠣᠯᠢᠵᠤ ᠥᠭᠬᠦ ᠦᠬᠠᠶ ᠪᠠᠩᠬᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠲᠠᠢ ᠬᠠᠷᠢᠯᠴᠠᠵᠤ᠂ ᠪᠡᠯᠡᠨ ᠵᠣᠭᠣᠰ᠎ᠤᠨ ᠬᠡᠷᠡᠭᠯᠡᠭᠡᠨ᠎ᠤ ᠲᠡᠮᠳᠡᠭᠲᠦ ᠵᠢ ᠰᠣᠯᠢᠵᠤ ᠥᠭᠭᠦᠭᠰᠡᠨ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠵᠤ᠂ 6 ᠳ᠋ᠤᠭ᠋ᠠᠷ ᠰᠠᠷ᠎ᠠ ᠵᠢᠨ 30᠎ᠤ ᠡᠳᠦᠷ ᠰᠤᠯᠢᠬᠤ ᠵᠢ ᠵᠣᠭᠰᠣᠭ᠋ᠠᠨ ᠳᠠᠩᠰᠠ ᠪᠤᠳᠤᠬᠤ ᠪᠤᠯᠤᠨ᠎ᠠ᠃

ᠢᠷᠡᠯᠲᠡ᠄ ᠠᠷᠠᠳ᠎ᠤᠨ ᠶᠠᠪᠤᠳᠠᠯ᠎ᠤᠨ ᠲᠢᠩᠬᠢᠮ᠎ᠤᠨ ᠬᠢᠲᠠᠳ ᠬᠡᠯᠡᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠥᠯᠥᠨ ᠪᠤᠢ᠍ᠢ᠍ᠷ ᠬᠤᠳᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠥᠳᠡᠯᠮᠦᠷᠢᠴᠢᠳ᠎ᠤᠨ ᠪᠠᠶᠠᠷ᠎ᠤᠨ ᠬᠤᠭᠤᠴᠠᠭ᠋ᠠᠨ᠎ᠳᠠᠬᠢ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠬᠢᠪᠡ
ᠪᠤᠭᠤᠲᠤ ᠬᠣᠲᠠ ᠵᠢᠨ ᠠᠩᠬᠠᠳᠠᠭᠴᠢ ᠪᠠᠶ᠋ᠢᠭᠤᠯᠤᠮᠵᠢ ᠵᠢᠨ ᠨᠠᠰᠤᠵᠢᠯ᠎ᠤᠨ ᠤᠢ᠌ᠯᠡᠴᠢᠯᠡᠭᠡᠨ᠎ᠤ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠨᠡᠶ᠋ᠢᠲᠡᠯᠡᠪᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠠᠯᠠᠱ᠌ᠠ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠᠶᠠᠷ ᠳᠤᠷᠠᠰᠬᠠᠯ᠎ᠤᠨ ᠬᠤᠭᠤᠴᠠᠭ᠋ᠠᠨ᠎ᠳᠠᠬᠢ ᠰᠠᠬᠢᠯᠭ᠎ᠠ ᠪᠠᠲᠤ ᠵᠢ ᠴᠢᠩᠭ᠋ᠠᠤᠡᠬᠠᠵᠠᠢ
ᠯᠢᠦ ᠯᠢ ᠫᠢᠩ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ ᠵᠶ᠋ᠠᠨ ᠳᠠᠭ᠋ᠠᠭᠤᠯᠤᠨ ᠭᠦᠶᠡᠩ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠡᠳᠦᠰᠦᠨ ᠵᠤᠢ᠌ᠯ᠎ᠢ ᠪᠠᠳᠤᠯᠠᠬᠤ ᠠᠵᠢᠯ᠎ᠢ ᠪᠠᠶ᠋ᠢᠴᠠᠭ᠋ᠠᠨ ᠰᠤᠳᠤᠯᠪᠠ
 
            