ᠪᠥᠬᠥ ᠠᠶ᠋ᠢᠮᠠᠭ᠎ᠤᠨ ᠮᠠᠯᠵᠢᠬᠤ ᠲᠠᠷᠢᠶᠠᠯᠠᠬᠤ ᠣᠷᠣᠨ᠎ᠤ ᠬᠡᠷ᠎ᠲᠤ᠎ᠪᠠᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠤᠨ ᠲᠣᠭ᠎ᠠ ᠬᠡᠮᠵᠢᠶ᠎ᠡ᠂ ᠲᠠᠷᠬᠠᠯᠲᠠ᠂ ᠪᠦᠲᠦᠴᠡ ᠪᠠᠶ᠋ᠢᠳᠠᠯ ᠵᠡᠷᠭᠡ ᠦᠨᠳᠦᠰᠦᠨ ᠪᠠᠶ᠋ᠢᠳᠠᠯ᠎ᠢ ᠡᠵᠡᠮᠰᠢᠬᠦ ᠵᠢᠨ ᠲᠤᠰᠠᠳᠠ᠂ ᠰᠢᠯᠢ ᠵᠢᠨ ᠭᠣᠤᠯ ᠠᠶ᠋ᠢᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠨᠢ ᠠᠶ᠋ᠢᠮᠠᠭ᠎ᠤᠨ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠲᠠᠢ ᠬᠠᠮᠲᠤᠷᠠᠨ 《ᠬᠡᠷ᠎ᠲᠡᠭᠡᠨ ᠬᠣᠴᠣᠷᠤᠭᠰᠠᠨ ᠬᠡᠤᠬᠡᠳ᠂ ᠡᠮᠡᠭᠲᠡᠢ᠌ᠴᠤᠳᠤᠨ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 4 ᠳ᠋ᠤᠭᠡᠷ ᠰᠠᠷ᠎ᠠ ᠵᠢᠨ 8᠎ᠤ ᠡᠳᠦᠷ᠎ᠠᠴᠠ ᠡᠬᠢᠯᠡᠨ ᠡᠨᠡ ᠠᠵᠢᠯ᠎ᠢ 40 ᠡᠳᠦᠷ ᠶᠠᠪᠤᠭᠳᠠᠭᠤᠯᠬᠤ ᠵᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ᠎ᠤ ᠭᠡᠷ᠎ᠲᠤ᠎ᠪᠠᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠤᠨ ᠮᠡᠳᠡᠭᠡ ᠵᠠᠩᠭᠢ ᠵᠢᠨ ᠬᠥᠮᠥᠷᠭᠡ ᠵᠢ ᠪᠠᠶ᠋ᠢᠭᠤᠯᠤᠨ ᠪᠦᠷᠢᠨᠰᠢᠭᠦᠯᠵᠠᠢ᠃
ᠡᠨᠡ ᠤᠳᠠᠭ᠋ᠠᠨ᠎ᠤ ᠠᠵᠢᠯ᠎ᠢ ᠳᠠᠶ᠋ᠢᠴᠢᠯᠠᠨ ᠪᠠᠶ᠋ᠢᠷᠢᠯᠠᠭᠤᠯᠬᠤ᠂ ᠡᠷᠦᠬᠡ᠎ᠳᠤ ᠬᠦᠷᠴᠦ ᠪᠠᠶ᠋ᠢᠴᠠᠭ᠋ᠠᠬᠤ᠂ ᠳ᠋ᠦᠩᠨᠡᠵᠤ ᠡᠮᠬᠢᠯᠡᠬᠦ 《ᠭᠤᠷᠪᠠᠨ ᠠᠯᠬᠤᠮ ᠵᠶ᠋ᠠᠷ ᠶᠠᠪᠤᠬᠤ》 ᠠᠷᠭ᠎ᠠ ᠮᠠᠶᠢᠭ ᠵᠶ᠋ᠠᠷ ᠮᠠᠯᠵᠢᠬᠤ ᠲᠠᠷᠢᠶᠠᠯᠠᠬᠤ ᠣᠷᠣᠨ᠎ᠤ ᠬᠡᠷ᠎ᠲᠡᠭᠡᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠤᠨ ᠦᠨᠳᠦᠰᠦᠨ ᠮᠡᠳᠡᠭᠡ ᠵᠠᠩᠭᠢ᠂ ᠬᠡᠷ ᠪᠦᠯᠢ ᠵᠢᠨ ᠭᠣᠤᠯ ᠪᠣᠯᠬᠤ ᠠᠵᠤ ᠠᠬᠤᠶ ᠵᠢᠨ ᠢᠷᠡᠯᠲᠡ ᠵᠡᠷᠭᠡ ᠬᠠᠮᠢᠶ᠎ᠠ ᠪᠥᠬᠥᠶ ᠪᠠᠶ᠋ᠢᠳᠠᠯ᠎ᠢ ᠭᠣᠤᠯᠳᠠᠯᠭ᠎ᠠ᠎ᠲᠠᠢ ᠤᠶ᠋ᠢᠯᠠᠭ᠋ᠠᠨ ᠵᠢᠭᠰᠠᠭ᠋ᠠᠵᠠᠶ᠃ ᠪᠥᠬᠥ ᠠᠶ᠋ᠢᠮᠠᠭ᠎ᠤᠨ ᠡᠯ᠎ᠡ ᠭᠠᠵᠠᠷ᠎ᠲᠤ ᠬᠣᠰᠢᠭᠤ᠂ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠣᠨ ᠭᠤᠷᠪᠠᠨ ᠱᠠᠲᠤᠨ᠎ᠤ ᠠᠷᠠᠳ᠎ᠤᠨ ᠶᠠᠪᠤᠳᠠᠯ᠂ ᠡᠪᠯᠡᠯ᠎ᠤᠨ ᠬᠣᠷᠢᠶ᠎ᠠ᠂ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠎ᠤᠨ ᠺᠠᠳ᠋ᠷ ᠵᠶ᠋ᠠᠷ ᠪᠦᠷᠢᠯᠳᠦᠭᠰᠡᠨ ᠬᠠᠮᠲᠤᠷᠠᠭᠰᠠᠨ ᠠᠵᠢᠯᠯᠠᠬᠤ ᠳᠤᠭᠤᠶ᠋ᠢᠯᠠᠩ᠎ᠢ ᠲᠤᠰ ᠲᠤᠰ ᠪᠠᠶ᠋ᠢᠭᠤᠯᠵᠤ᠂ ᠭᠡᠰᠡᠭᠯᠡᠨ ᠳᠠᠭ᠋ᠠᠭ᠋ᠠᠴᠢᠯᠠᠬᠤ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠦᠨ᠂ ᠬᠠᠷᠢᠭᠤᠴᠠᠯᠭ᠎ᠠ ᠵᠢᠨ ᠬᠡᠰᠡᠭ ᠲᠣᠭᠣᠷᠢᠭ᠎ᠢ ᠲᠣᠳᠣᠷᠬᠠᠢ᠌ᠯᠠᠵᠤ ᠂ ᠠᠵᠢᠯ᠎ᠤᠨ ᠪᠠᠶ᠋ᠢᠷᠢ᠂ ᠬᠥᠮᠦᠨ᠂ ᠡᠭᠦᠷᠭᠡ ᠵᠢ ᠨᠠᠷᠢᠨ ᠲᠣᠭᠲᠠᠭ᠋ᠠᠵᠠᠢ᠃ ᠪᠠᠶ᠋ᠢᠳᠠᠯ᠎ᠢ ᠣᠶ᠋ᠢᠯᠠᠭ᠋ᠠᠬᠤ᠎ᠪᠠᠷ ᠳᠡᠮᠵᠢᠨ᠂ ᠬᠡᠷ᠎ᠲᠡᠭᠡᠨ ᠬᠣᠴᠣᠷᠤᠭᠰᠠᠨ ᠬᠡᠤᠬᠡᠳ᠂ ᠡᠮᠡᠭᠲᠡᠶ᠋ᠢᠴᠦᠳ᠎ᠢ ᠬᠠᠯᠠᠮᠵᠢᠯᠠᠨ ᠬᠠᠮᠠᠭ᠋ᠠᠯᠠᠵᠤ ᠦᠢ᠍ᠯᠡᠴᠢᠯᠡᠬᠦ ᠠᠵᠢᠯ᠎ᠤᠨ ᠰᠠᠭᠤᠷᠢ ᠲᠣᠭ᠎ᠠ ᠵᠢ ᠪᠦᠷᠢᠯᠲᠤᠭᠦᠯᠵᠠᠢ᠃