ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠨᠡᠢ᠌ᠬᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠬᠦ ᠲᠤᠬᠠᠢ ᠬᠡᠷᠡᠭᠵᠢᠭᠦᠯᠬᠦ ᠲᠥᠰᠦᠯ》᠎ᠢ ᠲᠣᠭᠲᠠᠭ᠋ᠠᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯ᠎ᠤᠨ ᠭᠣᠣᠯ ᠡᠭᠦᠷᠭᠡ ᠪᠠ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ 《ᠬᠣᠶᠠᠷ᠎ᠢ ᠢᠯᠡ ᠨᠡᠶ᠋ᠢᠲᠡᠯᠡᠬᠦ》 ᠭᠠᠷᠴᠠᠭ᠎ᠢ ᠡᠮᠬᠢᠯᠡᠵᠦ ᠲᠡᠭᠦᠯᠳᠡᠷᠵᠢᠭᠦᠯᠪᠡ᠂ ᠡᠭᠦᠨ᠎ᠤ ᠳᠣᠲᠣᠷᠠᠬᠢ ᠵᠠᠰᠠᠭ ᠵᠠᠬᠢᠷᠭ᠋ᠠᠨ᠎ᠤ ᠵᠥᠪᠰᠢᠶᠡᠷᠡᠯ 5 ᠵᠦᠢ᠍ᠯ᠂ ᠵᠠᠰᠠᠭ ᠵᠠᠬᠢᠷᠭ᠋ᠠᠨ᠎ᠤ ᠰᠢᠢ᠍ᠳᠬᠡᠯ 9 ᠵᠦᠢ᠍ᠯ᠎ᠢ ᠢᠲᠡᠭᠡᠮᠵᠢᠲᠦ ᠤᠯᠠᠭ᠋ᠠᠨᠴᠠᠪ ᠪᠣᠯᠤᠨ ᠡᠭᠦᠳᠡᠨ ᠰᠦᠯᠵᠢᠶ᠎ᠡ᠎ᠪᠠᠷ ᠨᠡᠶ᠋ᠢᠭᠡᠮ᠎ᠳᠤ ᠢᠯᠡ ᠨᠡᠶ᠋ᠢᠲᠡᠯᠡᠨ᠎ᠡ᠃ ᠠᠷᠠᠳ᠎ᠤᠨ ᠶᠠᠪᠤᠳᠠᠯ᠎ᠤᠨ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ ᠵᠡᠷᠭᠡ ᠵᠠᠭᠤᠴᠢᠯᠠᠭᠤᠷ᠎ᠢ ᠭᠦᠶᠴᠡᠳ ᠠᠰᠢᠭᠯᠠᠨ 《ᠬᠣᠶᠠᠷ᠎ᠢ ᠢᠯᠡ ᠨᠡᠶ᠋ᠢᠲᠡᠯᠡᠬᠦ》᠎ᠪᠠᠷ ᠳᠠᠮᠵᠢᠨ ᠢᠲᠡᠭᠡᠮᠵᠢ ᠵᠢᠨ ᠳᠦᠷᠢᠮᠵᠢᠯ᠎ᠤᠨ ᠪᠠᠶ᠋ᠢᠭᠤᠯᠤᠯᠲᠠ ᠵᠢᠨ ᠠᠵᠢᠯ᠎ᠤᠨ ᠤᠬᠠᠭᠤᠯᠭ᠎ᠠ ᠬᠥᠮᠦᠵᠢᠯ᠎ᠢ ᠴᠢᠩᠭ᠋ᠠᠷᠠᠭᠤᠯᠤᠨ᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ᠎ᠪᠠᠷ ᠬᠦᠲᠤᠯᠤᠮᠵᠢ ᠪᠣᠯᠭ᠋ᠠᠭᠰᠠᠨ ᠬᠡᠪᠰᠢᠭᠰᠡᠨ ᠲᠣᠭᠲᠠᠴᠠ ᠵᠢ ᠪᠣᠶ ᠪᠣᠯᠭ᠋ᠠᠪᠠ᠃
ᠠᠷᠠᠳ᠎ᠤᠨ ᠶᠠᠪᠤᠳᠠᠯ᠎ᠤᠨ ᠭᠣᠤᠯᠳᠠᠯᠭ᠎ᠠ᠎ᠲᠠᠢ ᠠᠵᠢᠯ᠎ᠤᠨ ᠬᠦᠷᠢᠶ᠎ᠡ ᠴᠠᠷᠠᠭ᠋ᠠᠨ᠎ᠤ ᠢᠲᠡᠭᠡᠮᠵᠢ ᠠᠯᠳᠠᠭᠰᠠᠨ ᠠᠰᠠᠭᠤᠳᠠᠯ᠎ᠢ ᠴᠡᠭᠴᠡᠯᠡᠨ ᠵᠠᠰᠠᠬᠤ ᠠᠵᠢᠯᠯᠠᠭ᠎ᠠ ᠵᠢ ᠡᠮᠬᠢ ᠵᠢᠷᠤᠮ᠎ᠲᠠᠢ᠎ᠪᠠᠷ ᠬᠢᠵᠤ᠂ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶᠡᠨ᠎ᠳᠤ᠂ ᠢᠲᠡᠭᠡᠮᠵᠢ ᠠᠯᠳᠠᠭᠰᠠᠨ ᠠᠰᠠᠭᠤᠳᠠᠯ᠎ᠤᠨ ᠴᠡᠭᠴᠡᠯᠡᠨ ᠵᠠᠰᠠᠬᠤ ᠠᠵᠢᠯ᠎ᠢ ᠨᠡᠶ᠋ᠢᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠶ ᠴᠡᠭᠴᠡᠯᠡᠨ ᠵᠠᠰᠠᠬᠤ ᠠᠵᠢᠯ᠎ᠤᠨ ᠭᠣᠤᠯᠳᠠᠯᠭ᠎ᠠ᠎ᠳᠤ ᠣᠷᠣᠭᠤᠯᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠬᠠᠤᠯᠢ ᠶᠣᠰᠣᠭ᠋ᠠᠷ ᠴᠢᠩᠭ᠎ᠠ ᠬᠠᠮᠢᠶᠠᠷᠴᠠᠢ᠃ ᠬᠤᠳᠠᠯ ᠬᠠᠭᠤᠷᠮᠠᠭ ᠮᠡᠳᠡᠭᠡ ᠵᠠᠩᠭᠢ ᠬᠠᠩᠭ᠋ᠠᠭᠰᠠᠨ᠂ ᠲᠣᠭᠲᠠᠭ᠋ᠠᠯ᠎ᠠᠴᠠ ᠵᠥᠷᠢᠴᠡᠨ ᠠᠵᠢᠯᠯᠠᠭ᠎ᠠ ᠥᠷᠨᠢᠭᠦᠯᠦᠭᠰᠡᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠴᠡᠭᠴᠡᠯᠡᠵᠦ᠂ ᠡᠷᠲᠡ ᠮᠡᠳᠡᠵᠦ᠂ ᠡᠷᠲᠡ ᠪᠠᠶ᠋ᠢᠴᠠᠭ᠋ᠠᠵᠤ᠂ ᠡᠷᠲᠡ ᠰᠢᠢ᠍ᠳᠪᠤᠷᠢᠯᠡᠪᠡ᠃ ᠨᠢᠭᠦᠯᠡᠰᠦᠩᠭᠦᠶ ᠵᠢᠨ ᠬᠠᠨᠳᠢᠪᠯᠠᠯ᠎ᠤᠨ ᠬᠦᠷᠢᠶᠡᠨ᠎ᠳᠤ᠎ᠬᠢ ᠬᠠᠨᠳᠢᠪᠯᠠᠯ᠎ᠤᠨ ᠠᠵᠢᠯ᠎ᠳᠤ ᠢᠲᠡᠭᠡᠮᠵᠢ ᠠᠯᠳᠠᠭᠰᠠᠨ ᠠᠰᠠᠭᠤᠳᠠᠯ᠎ᠢ ᠲᠤᠰᠬᠠᠶ᠋ᠢᠯᠠᠨ ᠴᠡᠭᠴᠡᠯᠡᠨ ᠵᠠᠰᠠᠵᠦ᠂ ᠬᠢᠵᠢᠭ᠎ᠤᠨ ᠬᠤᠭᠤᠴᠠᠭ᠋ᠠᠨ᠎ᠳᠠᠬᠢ ᠨᠢᠭᠦᠯᠡᠰᠦᠩᠭᠦᠶ ᠵᠢᠨ ᠵᠣᠬᠢᠶᠠᠨ ᠪᠠᠶ᠋ᠢᠭᠤᠯᠤᠯᠲᠠ ᠵᠢᠨ ᠬᠠᠨᠳᠢᠪᠯᠠᠨ ᠲᠤᠰᠠᠯᠠᠬᠤ ᠠᠵᠢᠯᠯᠠᠭ᠎ᠠ᠎ᠳᠤ ᠴᠢᠭᠯᠡᠭᠦᠯᠦᠨ᠂ ᠬᠠᠭᠤᠷᠴᠤ ᠮᠡᠬᠡᠯᠡᠨ ᠬᠠᠨᠳᠢᠪᠯᠠᠭᠤᠯᠬᠤ ᠂ ᠨᠢᠭᠦᠯᠡᠰᠦᠩᠭᠦᠶ ᠵᠢᠨ ᠵᠣᠬᠢᠶᠠᠨ ᠪᠠᠢ᠌ᠭᠤᠯᠤᠯᠲᠠ ᠵᠢᠨ ᠨᠡᠷ᠎ᠡ᠎ᠪᠠᠷ ᠬᠠᠨᠳᠢᠪᠯᠠᠯ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠂ ᠬᠠᠤᠯᠢ ᠲᠣᠭᠲᠠᠭ᠋ᠠᠯ᠎ᠢ ᠵᠥᠷᠢᠴᠡᠨ ᠬᠠᠨᠳᠢᠪᠯᠠᠯ᠎ᠤᠨ ᠡᠳ᠋ ᠬᠥᠷᠥᠩᠭᠡ ᠵᠢ ᠬᠡᠷᠡᠭᠯᠡᠬᠦ ᠵᠡᠷᠭᠡ ᠢᠲᠡᠭᠡᠮᠵᠢ ᠠᠯᠳᠠᠭᠰᠠᠨ ᠠᠵᠢᠯᠯᠠᠭ᠎ᠠ ᠵᠢ ᠭᠣᠤᠯᠳᠠᠯᠭ᠎ᠠ᠎ᠲᠠᠢ᠎ᠪᠠᠷ ᠪᠥᠬᠥ ᠲᠠᠯ᠎ᠠ᠎ᠪᠠᠷ ᠬᠠᠷᠭᠤᠭᠤᠯᠤᠨ ᠪᠠᠶ᠋ᠢᠴᠠᠭ᠋ᠠᠪᠠ᠃ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠬᠦᠷᠢᠶᠡᠨ᠎ᠳᠤ ᠬᠡᠪᠰᠢᠭᠰᠡᠨ ᠲᠣᠭᠣᠷᠢᠨ ᠪᠠᠢ᠌ᠴᠠᠭ᠋ᠠᠯᠲᠠ ᠵᠢᠨ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠡᠬᠡ ᠳᠠᠩᠰᠠ ᠵᠢ ᠪᠦᠷᠢᠳᠬᠡᠨ ᠲᠡᠭᠦᠯᠳᠡᠷᠵᠢᠭᠦᠯᠵᠦ᠂ ᠬᠤᠪᠢ ᠬᠦᠮᠤᠨ ᠱᠠᠩᠨᠠᠯᠲᠤ ᠰᠤᠭᠤᠯᠤᠭ᠎ᠠ ᠵᠢᠨ ᠤᠬᠠᠭᠤᠯᠭ᠎ᠠ ᠵᠢᠨ ᠭᠠᠷ ᠳᠡᠪᠲᠡᠷ ᠪᠠ ᠵᠠᠷᠯᠠᠯ᠎ᠢ ᠳᠠᠷᠤᠮᠠᠯᠯᠠᠨ ᠲᠠᠷᠬᠠᠭ᠋ᠠᠬᠤ᠎ᠳᠤ ᠴᠣᠬᠢᠯᠲᠠ ᠦᠭᠴᠤ᠂ ᠥᠷᠲᠡᠭᠡᠨ᠎ᠳᠤ ᠣᠷᠣᠵᠤ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠣᠷᠣᠯᠠᠭᠤᠯᠤᠯᠲᠠ ᠵᠢᠨ ᠥᠷᠲᠡᠭᠡ ᠵᠢᠨ ᠡᠷᠡᠭᠦᠯ ᠵᠶ᠋ᠠᠷ ᠠᠵᠢᠯᠯᠠᠬᠤ ᠵᠢ ᠦᠨᠡᠨᠬᠦ ᠪᠠᠲᠤᠯᠠᠭᠰᠠᠨ ᠪᠠᠢ᠌ᠨ᠎ᠠ᠃