ᠣᠶ᠋ᠢᠷ᠎ᠠ᠎ᠳᠤ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 2020 ᠣᠨ᠎ᠤ ᠬᠦᠳᠡᠭᠡ ᠲᠣᠰᠬᠣᠨ᠎ᠤ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃
《ᠬᠡᠷᠡᠭᠵᠢᠭᠦᠯᠬᠦ ᠲᠥᠰᠦᠯ》᠎ᠳᠤ 2020 ᠣᠨ᠎ᠤ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠤᠨ ᠳᠤᠮᠳᠠᠬᠢ ᠠᠷᠠᠳ᠎ᠤᠨ ᠶᠠᠪᠤᠳᠠᠯ᠎ᠤᠨ ᠬᠦᠷᠢᠶᠡᠨ᠎ᠤ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠳᠣᠷᠬᠠᠢ᠌ᠯᠠᠪᠠ᠄ ᠨᠢᠭᠡ᠎ᠳᠤ᠂ ᠦᠨᠳᠦᠰᠦᠨ ᠱᠠᠲᠤᠨ᠎ᠤ ᠰᠠᠭᠤᠷᠢ ᠪᠠᠲᠤᠯᠠᠭ᠎ᠠ ᠵᠢ ᠴᠢᠩᠭ᠋ᠠᠳᠬᠠᠵᠤ᠂ ᠠᠷᠪᠠᠨ ᠨᠢᠭᠡᠳᠤᠭᠡᠷ ᠬᠤᠭᠤᠴᠠᠭ᠋ᠠᠨ᠎ᠤ ᠭᠠᠴᠠᠭ᠎ᠠ ᠲᠣᠰᠬᠣᠨ᠎ᠤ 《ᠡᠭᠦᠷ ᠵᠥᠪᠯᠡᠯ》᠎ᠤᠨ ᠬᠤᠭᠤᠴᠠᠭ᠎ᠠ ᠰᠣᠯᠢᠬᠤ ᠰᠣᠩᠭᠣᠭᠤᠯᠢ ᠵᠢᠨ ᠠᠵᠢᠯ ᠢ ᠠᠰᠢᠭᠯᠠᠨ᠂ ᠭᠠᠴᠠᠭ᠎ᠠ ᠲᠣᠰᠬᠣᠨ᠎ᠤ 《ᠡᠭᠦᠷ ᠵᠥᠪᠯᠡᠯ》᠎ᠤᠨ ᠤᠳᠤᠷᠢᠳᠬᠤ ᠪᠠᠭ᠎ᠢ ᠰᠢᠯᠢᠳᠡᠭᠵᠢᠭᠦᠯᠤᠨ ᠰᠣᠩᠭᠣᠨ ᠳᠣᠬᠢᠷᠠᠭᠤᠯᠵᠤ᠂ 《ᠡᠭᠦᠷ ᠵᠥᠪᠯᠡᠯ》᠎ᠤᠨ ᠤᠳᠤᠷᠢᠳᠬᠤ ᠪᠠᠭ᠎ᠤᠨ ᠭᠣᠤᠯᠯᠠᠬᠤ ᠦᠢ᠍ᠯᠡᠳᠤᠯ᠎ᠢ ᠭᠦᠢ᠍ᠴᠡᠳ ᠪᠠᠳᠠᠷᠠᠭᠤᠯᠵᠤ᠂ ᠲᠠᠷᠢᠶᠠᠴᠢᠨ ᠲᠦᠮᠡᠨ᠎ᠢ ᠳᠠᠭ᠋ᠠᠭᠤᠯᠤᠨ ᠠᠮᠢᠳᠤᠷᠠᠯ᠎ᠤᠨ ᠠᠷᠭ᠎ᠠ ᠮᠠᠶᠢᠭ ᠵᠶ᠋ᠠᠨ ᠰᠠᠶ᠋ᠢᠵᠢᠷᠠᠭᠤᠯᠵᠤ᠂ ᠠᠷᠢᠭᠤᠨ ᠴᠡᠪᠡᠷ ᠡᠮᠬᠢ ᠵᠢᠷᠤᠮ᠎ᠲᠠᠢ᠂ ᠡᠷᠡᠭᠦᠯ ᠪᠥᠭᠡᠳ ᠣᠷᠣᠰᠢᠨ ᠰᠠᠭᠤᠬᠤ᠎ᠳᠤ ᠲᠣᠬᠢᠷᠠᠮᠵᠢᠲᠠᠶ ᠦᠢ᠍ᠯᠡᠳᠪᠤᠷᠢᠯᠡᠯ ᠠᠮᠢᠳᠤᠷᠠᠯ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠬᠣᠶᠠᠷ᠎ᠲᠤ᠂ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠦᠢ᠍ᠯᠡᠳᠤᠯᠭᠡ ᠵᠢ ᠭᠦᠨᠵᠡᠭᠡᠶ᠋ᠢᠷᠡᠭᠦᠯᠵᠦ᠂ ᠲᠣᠰᠬᠣᠨ᠎ᠤ ᠱᠠᠲᠤᠨ ᠤ ᠬᠡᠷᠡᠭ ᠵᠥᠪᠯᠡᠵᠦ ᠵᠥᠪᠳᠡᠯᠴᠡᠬᠦ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠬᠥᠳᠡᠭᠡ ᠳᠤᠰᠬᠤᠨ᠎ᠤ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠵᠤ ᠬᠢᠨᠠᠯᠲᠠ ᠲᠠᠯᠪᠢᠬᠤ ᠠᠵᠢᠯ᠎ᠢ ᠴᠢᠩᠭ᠋ᠠᠳᠬᠠᠨ ᠵᠢᠷᠤᠮᠵᠢᠭᠤᠯᠤᠨ᠎ᠠ ᠃ ᠡᠭᠦᠨ᠎ᠤ ᠬᠠᠮᠲᠤ᠂ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠳᠦᠷᠢᠮ᠂ ᠲᠣᠰᠬᠣᠨ᠎ᠤ ᠠᠷᠠᠳ᠎ᠤᠨ ᠨᠡᠶ᠋ᠢᠲᠡ ᠵᠢᠨ ᠭᠡᠷ᠎ᠡ᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠣᠯᠠᠨ ᠨᠡᠶ᠋ᠢᠲᠡ ᠵᠢᠨ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠴᠡᠭᠴᠡᠯᠡᠨ ᠵᠠᠰᠠᠬᠤ᠂ ᠰᠠᠶ᠋ᠢᠨ ᠰᠠᠶ᠋ᠢᠬᠠᠨ ᠠᠮᠢᠳᠤᠷᠠᠯ᠎ᠤᠨ ᠳᠠᠳᠬᠠᠯ᠎ᠢ ᠪᠣᠢ ᠪᠣᠯᠭ᠋ᠠᠬᠤ ᠵᠡᠷᠭᠡ ᠠᠭᠤᠯᠭ᠎ᠠ ᠵᠢ ᠡᠭᠦᠨ᠎ᠳᠤ ᠣᠷᠣᠭᠤᠯᠬᠤ ᠬᠡᠷᠡᠭᠲᠡᠶ᠃ ᠭᠤᠷᠪᠠ᠎ᠳᠤ᠂ ᠨᠡᠶ᠋ᠢᠭᠡᠮ᠎ᠤᠨ ᠡᠯ᠎ᠡ ᠡᠲᠡᠭᠡᠳ᠎ᠢ ᠳᠠᠶ᠋ᠢᠴᠢᠯᠠᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠳᠤ ᠣᠷᠣᠯᠴᠠᠭᠤᠯᠵᠤ ᠂ ᠵᠠᠰᠠᠭ ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠶᠠᠪᠤᠳᠠᠯ᠎ᠢ ᠮᠠᠯᠵᠢᠬᠤ ᠲᠠᠷᠢᠶᠠᠯᠠᠬᠤ ᠣᠷᠣᠨ ᠲᠡᠰᠢ ᠢᠯᠡᠭᠦᠬᠡᠨ ᠬᠡᠯᠪᠡᠶ᠋ᠢᠯᠭᠡᠵᠤ᠂ ᠨᠠᠩ ᠣᠯᠠᠨ ᠨᠡᠶ᠋ᠢᠭᠡᠮ᠎ᠤᠨ ᠲᠤᠰᠬᠠᠶ ᠠᠵᠢᠯᠲᠠᠨ ᠪᠠ ᠨᠡᠢ᠌ᠬᠡᠮ᠎ᠤᠨ ᠵᠣᠬᠢᠶᠠᠨ ᠪᠠᠶ᠋ᠢᠭᠤᠯᠤᠯᠲᠠ ᠵᠢ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ᠎ᠳᠤ ᠣᠷᠣᠯᠴᠠᠭᠤᠯᠤᠨ᠎ᠠ᠃